ᠴᠢ ᠹᠧᠢ ᠶᠦᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/22
   2 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃    ᠴᠢ ᠹᠧᠢ ᠶᠦᠨ ᠨᠠᠷ ᠤᠷᠢᠳ ᠬᠤᠵᠢᠳ ᠳᠠᠭ᠎ᠠ ᠶᠢᠨ ᠨᠠᠭᠤᠷ ᠪᠠᠯᠭᠠᠰᠤᠨ ᠤ ᠶᠤᠸᠠᠨ ᠽᠢ ᠭᠧᠦ ᠶᠢᠨ ᠪᠠᠭᠤᠷᠢ ᠪᠣᠯᠣᠨ ᠬᠤᠩ ᠮᠣᠣ ᠪᠠᠯᠭᠠᠰᠤᠨ ᠤ ᠾᠧ ᠯᠦᠩ ᠤᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ ᠶᠢᠨ ᠳᠤᠷᠠᠰᠬᠠᠯ ᠤᠨ ᠣᠷᠳᠣᠨ ᠳᠤ ᠬᠦᠷᠴᠦ᠂ ᠪᠠᠭᠤᠷᠢ ᠶᠢ ᠰᠡᠯᠪᠢᠨ ᠵᠠᠰᠠᠭᠰᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠴᠢ ᠹᠧᠢ ᠶᠦᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠶᠤᠮ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ  ᠢ ᠬᠠᠮᠠᠭᠠᠯᠠᠬᠤ ᠪᠣᠯ ᠪᠠᠰᠠ ᠴᠤ ᠠᠵᠢᠯ ᠤᠨ ᠠᠮᠵᠢᠯᠲᠠ ᠮᠥᠨ ᠭᠡᠬᠦ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠮᠠᠭᠠᠯᠠᠯᠲᠠ ᠶᠢᠨ ᠳᠦᠷᠢᠮ ᠢ ᠲᠦᠷᠭᠡᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠲᠣᠭᠲᠠᠴᠠ‌‍ᠢᠢ ᠪᠠᠶᠢᠭᠤᠯᠵᠤ᠂ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠦᠷᠢᠶ᠎ᠡ ᠬᠡᠪᠴᠢᠶ᠎ᠡ᠂ ᠬᠠᠮᠠᠭᠠᠯᠠᠯᠲᠠ ᠶᠢᠨ ᠲᠡᠮᠳᠡᠭ ᠪᠣᠯᠣᠨ ᠲᠡᠮᠳᠡᠭᠯᠡᠯ ᠲᠠᠩᠰᠠ ᠡᠪᠬᠡᠮᠡᠯ ᠢ ᠪᠡᠶᠡᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠪᠠ ᠪᠠᠭᠤᠷᠢ ᠶᠢᠨ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠲᠡᠳᠡᠭᠡᠷ ᠤᠨ ᠠᠷᠤ ᠳᠠᠬᠢ ᠲᠡᠦᠬᠡ᠂ ᠰᠣᠶᠣᠯ ᠢ ᠨᠡᠩ ᠰᠠᠶᠢᠲᠤᠷ ᠢᠯᠡᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠠᠮᠢᠳᠤᠯᠢᠭ ᠪᠣᠯᠭᠠᠵᠤ᠂ ᠰᠣᠶᠣᠯ ᠤᠨ ᠰᠤᠳᠠᠰᠤ ᠶᠢ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠹᠠᠩ ᠽᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2