ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/22
    1 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠰᠠᠶᠢᠲᠤᠷ ᠨᠡᠭᠡᠭᠡᠬᠦ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃     ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠥᠬᠦᠳ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡᠳ ᠨᠢᠭᠡ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠰᠦᠢ ᠸᠧᠢ ᠵᠢᠶᠦ᠋ᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠢᠲᠡᠭᠡᠯ ᠪᠢᠰᠢᠷᠡᠯ ᠤᠨ ᠤᠬᠠᠭᠠᠨ ᠢ ᠡᠪᠦᠷᠯᠡᠵᠦ᠂ ᠡᠭᠦᠷᠭᠡ ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ ᠬᠠᠷᠢᠭᠤᠴᠠᠯᠭ᠎ᠠ ᠶᠢᠨ ᠤᠬᠠᠭᠠᠨ ᠢ ᠡᠪᠦᠷᠯᠡᠵᠦ᠂ ᠡᠭᠦᠨ ᠳᠤ ᠠᠭᠤᠯᠤᠭᠳᠠᠵᠤ ᠪᠠᠶᠢᠭ᠎ᠠ ᠶᠣᠰᠣ ᠤᠴᠢᠷ ᠭᠦᠨ ᠤᠬᠠᠭᠠᠨ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ ᠡᠵᠡᠮᠳᠡᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠦᠨᠳᠦᠰᠦ ᠶᠢ ᠨᠢ ᠴᠡᠪᠡᠷᠯᠡᠵᠦ᠂ ᠦᠨᠳᠦᠰᠦ ᠶᠢ ᠪᠠᠬᠢᠵᠢᠭᠦᠯᠵᠦ ᠦᠨᠳᠦᠰᠦ ᠶᠢ ᠨᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠠᠪᠰᠢᠯᠳᠠ ᠶᠢ ᠲᠡᠮᠡᠴᠡᠨ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠠᠭᠤᠷᠢ ᠶᠢ ᠪᠠᠲᠤᠳᠬᠠᠬᠤ᠂ ᠦᠨᠳᠦᠰᠦ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ ᠠᠵᠢᠯ ᠢ ᠪᠣᠳᠠᠲᠠᠢ ᠶᠢ ᠡᠷᠬᠢᠮᠯᠡᠨ ᠠᠬᠢᠭᠤᠯᠵᠤ᠂ ᠬᠥᠭᠵᠢᠯᠲᠡ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠣᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠶᠢᠨ ᠴᠢᠬᠤᠯᠠ ᠠᠭᠤᠯᠭ᠎ᠠ ᠮᠥᠨ᠂ ᠪᠠᠰᠠ ᠴᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷ ᠪᠡᠶ᠎ᠡ᠂ ᠲᠤᠰᠢᠶᠠᠯ ᠬᠠᠷᠢᠭᠤᠴᠠᠯᠭ᠎ᠠ᠂ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠵᠠᠳᠠᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2