ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/23
   2 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ᠡᠯ᠎ᠡ ᠬᠤᠰᠢᠭᠤ ᠰᠢᠶᠠᠨ ᠤ ᠬᠤᠲᠠ ᠲᠣᠭᠤᠷᠢᠭ ᠤᠨ ᠬᠤᠲᠠ ᠪᠠᠯᠭᠠᠰᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ 2024 ᠣᠨ ᠤ ᠡᠯ᠎ᠡ ᠬᠤᠰᠢᠭᠤ ᠰᠢᠶᠠᠨ ᠤ ᠬᠤᠲᠠ ᠲᠣᠭᠤᠷᠢᠭ ᠤᠨ ᠵᠠᠰᠠᠮᠠᠯ ᠵᠠᠮ ᠳᠠᠭᠠᠤ ᠶᠢᠨ ᠵᠣᠷᠯᠣᠩ᠂ ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠤᠳᠤᠯᠵᠤ᠂ ︽ᠤᠯᠠᠭᠠᠨᠴᠠᠪ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠤᠯᠠᠨ ᠲᠦᠮᠡᠨ ᠤ ᠪᠣᠯᠪᠠᠰᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠬᠦ ᠬᠡᠷᠡᠭᠲᠡᠢ᠃ ᠰᠢᠪᠠᠭᠤᠳ ᠤᠨ ᠨᠡᠭᠦᠳᠡᠯᠯᠡᠬᠦ ᠵᠠᠮ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶ᠎ᠠ ᠶᠢ ᠱᠠᠯᠠᠪᠳᠠᠨ ᠲᠣᠭᠲᠠᠭᠠᠵᠤ᠂ ᠨᠠᠷᠠᠲᠤ ᠲᠥᠷᠥᠯ ᠲᠡᠮᠳᠡᠭᠲᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠰᠡᠳᠬᠢᠬᠦᠢ ᠶᠢ ᠪᠤᠢ ᠪᠣᠯᠭᠠᠵᠤ᠂ ᠣᠷᠭᠢᠯᠤᠨ ᠪᠠᠶᠢᠯᠳᠤᠬᠤ ᠠᠷᠭ᠎ᠠ ᠶᠢ ᠪᠠᠷᠢᠮᠲᠠᠯᠠᠵᠤ᠂ ᠲᠦᠷᠦᠯ ᠵᠦᠢᠯ ᠤᠨ ᠶᠠᠰᠤ ᠴᠢᠨᠠᠷ ᠢ ᠴᠢᠬᠤᠯᠠᠴᠢᠯᠠᠵᠤ᠂ ᠨᠢᠭᠡ ᠪᠦᠯᠦᠭ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠲᠦᠷᠦᠯ ᠵᠦᠢᠯ ᠢ ᠬᠦᠴᠦᠯᠡᠨ ᠣᠷᠣᠭᠤᠯᠵᠤ᠂ ︽ᠶᠡᠭᠡ ᠲᠦᠷᠦᠯ ᠵᠦᠢᠯ ᠲᠡᠭᠷᠢ ᠭᠠᠵᠠᠷ ᠢ ᠪᠣᠰᠬᠠᠵᠤ᠂ ᠪᠠᠭ᠎ᠠ ᠲᠦᠷᠦᠯ ᠵᠦᠢᠯ ᠲᠡᠭᠷᠢ ᠭᠠᠵᠠᠷ ᠢ ᠪᠦᠷᠬᠦᠬᠦ︾ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠶᠢ ᠪᠣᠳᠠᠲᠠᠢ ᠠᠳᠬᠤᠵᠤ᠂ ᠬᠢᠨᠠᠨ ᠬᠡᠮᠵᠢᠵᠦ ᠲᠣᠬᠢᠷᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠥᠪ ᠣᠨᠣᠪᠴᠢᠲᠠᠢ ᠪᠦᠷᠢᠳᠬᠡᠯ ᠢ ᠰᠠᠶᠢᠲᠤᠷ ᠬᠢᠵᠦ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠨᠢᠭᠡᠴᠢ ᠶᠢᠨ ᠢᠯᠭᠠᠷᠠᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2