| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠭᠡᠳᠡᠭ ᠢ | ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ | ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ | ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ | ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ | ᠥᠪᠡᠷ ᠲᠡᠭᠡᠨ ᠰᠤᠷᠤᠯᠴᠠᠬᠤ ᠶᠢᠨ ᠬᠠᠮᠲᠤ ᠠᠵᠢᠯ ᠤᠨ ᠣᠶᠢᠯᠠᠭᠠᠯᠲᠠ ᠲᠥᠷᠥᠭᠳᠡᠯ ᠢᠶᠠᠨ ᠰᠣᠯᠢᠯᠴᠠᠵᠤ᠂ ᠮᠠ ᠰᠢᠩ | ᠷᠦᠢ᠂ ᠾᠧ ᠯᠢ ᠹᠧᠩ᠂ ᠵᠠᠩ ᠭᠦᠸᠧ ᠴᠢᠩ᠂ ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ ᠤᠨ ᠠᠵᠢᠯ ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ᠂ | ᠴᠧᠨ ᠮᠢᠨ ᠡᠯ ᠨᠥᠬᠦᠷ ᠪᠢᠴᠢᠭ ᠤᠨ ᠭᠡᠯᠪᠡᠷᠢ ᠪᠠᠷ ᠦᠭᠡ ᠬᠡᠯᠡᠵᠦ᠂ ᠤᠯᠠᠨ ᠢᠶᠠᠷ ᠢᠶᠠᠨ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ | ᠦᠶ᠎ᠡ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ | ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠭᠦᠭ ᠠᠶᠠᠰ ᠪᠣᠯᠪᠠ᠃ ᠣᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠦᠷ᠎ᠡ ᠪᠦᠲᠦᠮᠵᠢ ᠡᠳᠦᠷ ᠢᠷᠡᠬᠦᠶ᠎ᠡ ᠲᠣᠪᠤᠶᠢᠮ᠎ᠠ ᠪᠤᠯᠪᠠ︔ ᠬᠤᠲᠠ | ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ᠂ ᠲᠡᠩᠴᠡᠭᠦᠷᠢᠲᠦ ᠴᠢᠨᠠᠷ ᠢᠯᠡᠳᠲᠡ | ᠴᠢᠩᠭᠠᠷᠠᠪᠠ︔ ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠬᠥᠭᠵᠢᠯᠲᠡ ᠶᠢᠨ ᠬᠥᠳᠡᠯᠭᠡᠬᠦ | ᠬᠦᠴᠦᠨ ᠠᠮᠢᠵᠢᠷᠠᠯ ᠤᠨ ᠬᠦᠴᠦᠨ ᠬᠥᠭᠵᠢᠨ ᠪᠠᠳᠠᠷᠠᠪᠠ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠭᠡᠯᠪᠡᠷᠢ ᠶᠢ | ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ | ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ | ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ | ᠵᠢᠯᠤᠭᠤᠳᠬᠤ ᠴᠢᠬᠤᠯᠠᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠨᠢᠭᠡᠨᠲᠡ ᠦᠢᠯᠡᠳᠦᠯᠭᠡ ᠶᠢᠨ | ᠳᠤᠮᠳᠠ ᠪᠦᠷᠢᠯᠳᠦᠭᠰᠡᠨ ᠪᠥᠭᠡᠳ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠠᠬᠢᠭᠤᠯᠬᠤ ᠬᠦᠴᠦᠨ᠂ | ᠲᠤᠯᠭᠠᠭᠤᠷᠢᠯᠠᠬᠤ ᠬᠦᠴᠦᠨ ᠢ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ ᠲᠠᠯ᠎ᠠ ᠪᠠᠷ ᠳ᠋ᠦᠩᠨᠡᠨ | ᠬᠤᠷᠢᠶᠠᠩᠭᠤᠶᠢᠯᠠᠵᠤ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ | ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ | ᠡᠭᠦᠳᠬᠦ ᠳᠤ ᠭᠤᠣᠯᠯᠠᠬᠤ ᠦᠢᠯᠡᠳᠦᠯ ᠢ ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠭᠡᠯᠪᠡᠷᠢ᠂ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠮᠤᠯᠲᠤᠷᠠᠵᠤ᠂ ᠳᠡᠭᠡᠳᠦ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠢ ᠪᠠᠶᠢᠬᠤ ᠣᠨᠴᠠᠯᠢᠭ ᠲᠠᠢ ᠪᠠᠶᠢᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ | ᠭᠡᠯᠪᠡᠷᠢ ᠪᠠᠶᠢᠳᠠᠯ ᠪᠣᠯᠣᠨ᠎ᠠ᠃ ᠲᠡᠷᠡ ᠨᠢ ᠮᠡᠷᠭᠡᠵᠢᠯ ᠤᠨ ᠲᠠᠯ᠎ᠠ ᠪᠠᠷ ᠬᠤᠪᠢᠰᠬᠠᠯ ᠤᠨ ᠴᠢᠨᠠᠷᠲᠠᠢ ᠰᠢᠪᠲᠤᠯᠤᠯᠲᠠ | ᠭᠠᠷᠭᠠᠬᠤ᠂ ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠬᠤ᠂ ᠠᠵᠤ ᠦᠢᠯᠡᠰ ᠢ | ᠭᠦᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠪᠤᠢ ᠪᠣᠯᠵᠤ᠂ ᠬᠥᠳᠡᠯᠮᠦᠷᠢᠯᠡᠭᠴᠢ᠂ | ᠭᠦᠳᠡᠯᠮᠦᠷᠢ ᠶᠢᠨ ᠮᠠᠲ᠋ᠧᠷᠢᠶᠠᠯ᠂ ᠭᠦᠳᠡᠯᠮᠦᠷᠢ ᠶᠢᠨ ᠡᠲᠡᠭᠡᠳ ᠵᠢᠴᠢ ᠡᠳᠡᠭᠡᠷ ᠢ ᠰᠢᠯᠢᠳᠡᠭᠵᠢᠭᠦᠯᠦᠨ ᠨᠡᠶᠢᠯᠡᠭᠦᠯᠵᠦ | ᠦᠰᠦᠷᠦᠯᠲᠡ ᠭᠠᠷᠭᠠᠬᠤ ᠪᠠᠷ ᠦᠨᠳᠦᠰᠦᠨ ᠠᠭᠤᠯᠤᠭᠳᠠᠬᠤᠨ ᠢᠶᠠᠨ ᠪᠤᠯᠭᠠᠵᠤ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ᠂ ᠰᠢᠨ᠎ᠡ ᠶᠢ | ᠡᠭᠦᠳᠬᠦ ᠪᠠᠷ ᠣᠨᠴᠠᠯᠢᠭ ᠪᠤᠯᠭᠠᠵᠤ᠂ ᠴᠢᠨᠠᠷᠯᠢᠭ ᠪᠠᠶᠢᠬᠤ ᠪᠠᠷ ᠵᠠᠩᠭᠢᠯᠠᠭ᠎ᠠ ᠪᠤᠯᠭᠠᠵᠤ᠂ ᠮᠥᠨ ᠴᠢᠨᠠᠷ ᠨᠢ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ᠂ | ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠃ ᠡᠷᠬᠡᠪᠰᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ | ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠴᠠᠭ ᠲᠤᠬᠠᠢ ᠳᠤᠨᠢ ᠪᠣᠳᠠᠲᠠᠢ ᠠᠵᠤ ᠦᠢᠯᠡᠰ ᠪᠣᠯᠣᠨ ᠠᠵᠤ ᠦᠢᠯᠡᠰ ᠤᠨ ᠬᠡᠯᠬᠢᠶ᠎ᠡ ᠳᠤ ᠬᠡᠷᠡᠭᠯᠡᠵᠦ᠂ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ | ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ | ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠰᠢᠰᠲ᠋ᠧᠮ ᠤᠨ ᠪᠡᠶ᠎ᠡ ᠪᠠᠨ | ᠳᠠᠭᠠᠭᠠᠵᠤ ᠡᠵᠡᠮᠳᠡᠵᠦ ᠪᠤᠯᠬᠤ᠂ ᠠᠮᠤᠷ ᠲᠦᠪᠰᠢᠨ ᠨᠠᠶᠢᠳᠠᠪᠤᠷᠢᠲᠠᠢ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠪᠠ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ | ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠪᠠ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠢ᠃ ᠲᠣᠭᠠᠴᠢᠯᠠᠭᠰᠠᠨ | ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ | ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ | ᠮᠥᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠣᠰ ᠪᠡᠶ᠎ᠡ ᠨᠢ ᠪᠣᠬᠢᠷᠳᠤᠯ ᠦᠭᠡᠢ | ᠦᠢᠯᠡᠳᠪᠦᠷᠢᠯᠡᠯ ᠤᠨ ᠬᠦᠴᠦᠨ ᠮᠥᠨ᠃ ᠡᠷᠬᠡᠪᠰᠢ ᠬᠥᠭᠵᠢᠯᠲᠡ ᠶᠢᠨ ᠭᠡᠯᠪᠡᠷᠢ ᠪᠠᠨ ᠪᠣᠬᠢᠷᠳᠤᠯ ᠦᠭᠡᠢ ᠲᠡᠶᠢᠰᠢ | ᠬᠤᠪᠢᠷᠠᠭᠤᠯᠬᠤ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ | ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ | ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠳᠤᠯ | ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠦᠨ᠂ ᠪᠣᠬᠢᠷᠳᠤᠯ ᠦᠭᠡᠢ ᠦᠢᠯᠡᠴᠢᠯᠡᠭᠡᠨ ᠤ ᠦᠢᠯᠡᠰ ᠢ | ᠬᠥᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶ᠎ᠡ ᠶᠢ ᠬᠥᠭᠵᠢᠭᠦᠯᠵᠦ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ | ᠪᠠᠭᠠᠵᠢ ᠶᠢᠨ ᠬᠠᠶᠢᠷᠴᠠᠭ ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ ᠠᠬᠤᠢ ᠶᠢᠨ ᠪᠣᠬᠢᠷᠳᠤᠯ | ᠦᠭᠡᠢ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠬᠤ ᠬᠡᠷᠡᠭᠲᠡᠢ᠃ ᠡᠭᠦᠨ ᠤ ᠵᠡᠷᠭᠡ ᠪᠠᠷ᠂ ᠨᠡᠶᠢᠭᠡᠮ ᠳᠠᠶᠠᠭᠠᠷ ᠲᠤ | ᠪᠣᠬᠢᠷᠳᠤᠯ ᠦᠭᠡᠢ ᠡᠷᠡᠭᠦᠯ ᠰᠠᠷᠠᠭᠤᠯ ᠠᠮᠢᠳᠤᠷᠠᠯ ᠤᠨ ᠭᠡᠯᠪᠡᠷᠢ ᠶᠢ ᠶᠡᠭᠡ ᠪᠠᠷ ᠰᠠᠨᠠᠭᠠᠴᠢᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠦᠢᠯᠡᠳᠪᠦᠷᠢᠯᠡᠯ ᠤᠨ ᠬᠠᠷᠢᠴᠠᠭ᠎ᠠ ᠡᠷᠬᠡᠪᠰᠢ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠲᠡᠭᠦᠨ ᠲᠠᠢ ᠵᠣᠬᠢᠴᠠᠯᠳᠤᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ | ᠠᠵᠤ ᠠᠬᠤᠢ ᠶᠢᠨ ᠪᠠᠶᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ | ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ | ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠢ ᠲᠣᠬᠢᠷᠠᠭᠤᠯᠬᠤ ᠠᠷᠭ᠎ᠠ | ᠭᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ | ᠡᠯᠧᠮᠧᠨ᠋ᠲ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠡᠶᠢᠰᠢ ᠤᠷᠤᠭᠰᠢᠲᠠᠢ | ᠰᠢᠯᠵᠢᠭᠦᠯᠬᠦ ᠬᠡᠷᠡᠭᠲᠡᠢ᠃ ᠡᠭᠦᠨ ᠤ ᠬᠠᠮᠲᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠤᠯᠠᠨ ᠤᠯᠤᠰ ᠤᠨ | ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ | ᠶᠣᠰᠣᠭᠠᠷ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ | ᠡᠷᠭᠢᠯᠲᠡ ᠶᠢ ᠰᠢᠯᠤᠭᠤᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ | ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠨᠳᠤᠰᠢ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠴᠢᠬᠤᠯᠠ ᠡᠯᠧᠮᠧᠨ᠋ᠲ ᠤᠨ | ᠣᠷᠣᠯᠭ᠎ᠠ ᠶᠢᠨ ᠬᠤᠪᠢᠶᠠᠷᠢᠯᠠᠯᠲᠠ ᠳᠤ ᠣᠷᠤᠯᠴᠠᠬᠤ ᠲᠣᠭᠲᠠᠴᠠ ᠶᠢ ᠪᠦᠷᠢᠨᠰᠢᠭᠦᠯᠵᠦ᠂ ᠭᠦᠳᠡᠯᠮᠦᠷᠢ᠂ ᠮᠡᠳᠡᠯᠭᠡ᠂ | ᠮᠡᠷᠭᠡᠵᠢᠯ᠂ ᠬᠠᠮᠢᠶᠠᠷᠤᠯᠲᠠ᠂ ᠬᠥᠷᠥᠩᠭᠡ ᠪᠣᠯᠣᠨ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ | ᠦᠷᠳᠡᠭ ᠢ ᠨᠡᠩ ᠰᠠᠶᠢᠲᠤᠷ ᠢᠯᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠬᠤ ᠶᠢ ᠪᠠᠭᠲᠠᠭᠠᠨ | ᠠᠭᠤᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | |