ᠬᠤᠲᠠ ᠶᠢᠨ ᠤᠳᠤᠷᠢᠳᠤᠯᠭ᠎ᠠ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠵᠠᠭᠤᠴᠢᠯᠠᠭᠤᠷ ᠤᠨ ᠠᠵᠢᠯᠯᠠᠭᠠᠨ ᠵᠢᠴᠢ ᠦᠢᠯᠡᠴᠢᠯᠡᠭᠡ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/26
    2 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠤᠯᠠᠭᠠᠨᠴᠠᠪ ᠤᠨ ᠯᠢᠶᠡᠩᠴᠧᠩ ᠤᠨ ᠤᠷᠤᠯᠳᠤᠭᠠᠨ ᠤ ᠲᠣᠭᠤᠷᠢᠭ ᠲᠤ ᠭᠦᠨᠵᠡᠭᠡᠶᠢᠷᠡᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠵᠠᠭᠤᠴᠢᠯᠠᠭᠤᠷ ᠤᠨ ᠠᠵᠢᠯᠯᠠᠭᠠᠨ ᠵᠢᠴᠢ ᠦᠢᠯᠡᠴᠢᠯᠡᠭᠡ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠤᠷᠤᠯᠳᠤᠭᠠᠨ ᠤ ᠮᠡᠳᠡᠭᠡᠯᠡᠯ ᠳᠤ ᠣᠷᠣᠯᠴᠠᠭᠰᠠᠨ ᠨᠢᠭᠡᠳᠦᠭᠡᠷ ᠹᠷᠣᠨᠲ ᠤᠨ ᠵᠠᠭᠤᠴᠢᠯᠠᠭᠤᠷ ᠤᠨ ᠰᠣᠷᠪᠣᠯᠵᠢᠯᠠᠭᠴᠢᠳ ᠢ ᠪᠣᠯᠭᠤᠭᠠᠨ ᠦᠵᠡᠪᠡ᠃    ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠰᠣᠨᠢᠨ ᠮᠡᠳᠡᠭᠡᠨ ᠤ ᠲᠥᠪ ᠲᠤ᠂ ᠯᠢ ᠵᠢᠶᠠᠨ ᠵᠢᠶᠦ᠋ᠨ ᠤᠷᠤᠯᠳᠤᠭᠠᠨ ᠢ ᠮᠡᠳᠡᠭᠡᠯᠡᠬᠦ ᠳᠤ ᠣᠷᠣᠯᠴᠠᠭᠰᠠᠨ ᠨᠢᠭᠡᠳᠦᠭᠡᠷ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠪᠣᠯᠣᠨ ᠦᠢᠯᠡᠴᠢᠯᠡᠭᠡ ᠪᠠᠲᠤᠯᠠᠭ᠎ᠠ ᠶᠢᠨ ᠠᠵᠢᠯᠲᠠᠳ ᠢ ᠪᠣᠯᠭᠤᠭᠠᠨ ᠦᠵᠡᠵᠦ᠂ ᠡᠯ᠎ᠡ ᠱᠠᠲᠤᠨ ᠤ ᠵᠠᠭᠤᠴᠢᠯᠠᠭᠤᠷ ᠤᠨ  ᠬᠢᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠬᠠᠭᠤᠯᠭ᠎ᠠ ᠶᠢᠨ ᠰᠦᠷ ᠬᠦᠴᠦᠨ ᠢ ᠦᠷᠭᠦᠯᠵᠢᠯᠡᠨ ᠤᠷᠬᠢᠯ ᠳᠤᠨᠢ ᠬᠦᠷᠭᠡᠵᠦ᠂ ᠨᠡᠩ ᠤᠯᠠᠨ ᠬᠥᠮᠥᠰ ᠤᠨ ᠠᠩᠬᠠᠷᠤᠯ ᠢ ᠲᠠᠲᠠᠬᠤ ᠶᠢᠨ ᠬᠠᠮᠲᠤ ᠯᠢᠶᠡᠩᠴᠧᠩ ᠤᠨ ᠰᠠᠶᠢᠨ ᠳᠠᠭᠤᠨ ᠢ ᠳᠠᠰᠤᠷᠠᠯᠳᠠ ᠦᠭᠡᠢ ᠳᠠᠮᠵᠢᠭᠤᠯᠵᠤ᠂ ᠤᠯᠠᠭᠠᠨᠴᠠᠪ ᠵᠢᠴᠢ ᠯᠢᠶᠡᠩᠴᠧᠩ ᠤᠨ ᠨᠡᠷ᠎ᠡ ᠠᠯᠳᠠᠷᠰᠢᠯ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃    ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠬᠡᠭᠡᠷᠡᠯᠡᠨ ᠴᠡᠨᠡᠯᠡᠯᠲᠡ ᠶᠢᠨ ᠤᠷᠤᠯᠳᠤᠭᠠᠨ ᠤ ᠲᠠᠯᠠᠪᠤᠷ ᠲᠤ᠂ ᠯᠢ ᠵᠢᠶᠠᠨ ᠵᠢᠶᠦ᠋ᠨ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ᠂ ᠯᠢᠶᠡᠩᠴᠧᠩ ᠤᠨ ᠴᠠᠰᠤᠨ ᠳᠤ ᠭᠤᠯᠭᠤᠬᠤ ᠲᠠᠯᠠᠪᠠᠶ ᠨᠢ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠯᠢᠶᠡᠩᠴᠧᠩ ᠤᠨ ᠨᠡᠷ᠎ᠡ ᠠᠯᠳᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠠᠶᠢᠨ ᠲᠣᠬᠢᠶᠠᠯ ᠮᠥᠨ᠂ ᠤᠷᠤᠯᠳᠤᠭᠠᠨ ᠢ ᠵᠣᠬᠢᠶᠠᠨ ᠪᠠᠶᠢᠭᠤᠯᠬᠤ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠤᠷᠳᠤ ᠬᠤᠭᠤᠴᠠᠭ᠎ᠠ ᠪᠠᠷ᠂ ᠨᠢᠭᠲᠠ ᠠᠴᠠ ᠨᠢᠭᠲᠠ ᠰᠠᠶᠢᠲᠤᠷ ᠬᠢᠵᠦ᠂ ᠤᠯᠠᠨ ᠲᠠᠯ᠎ᠠ ᠠᠴᠠ ᠤᠯᠠᠨ ᠳᠡᠰ ᠳᠠᠪᠬᠤᠷᠭ᠎ᠠ ᠪᠠᠷ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢ ᠦᠨᠡᠨ ᠪᠣᠳᠠᠲᠠᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠦᠬᠦ ᠣᠷᠣᠨ ᠪᠦᠰᠡ ᠪᠦᠬᠦ ᠤᠯᠠᠷᠢᠯ ᠤᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠨᠡᠩ ᠰᠠᠶᠢᠲᠤᠷ ᠴᠣᠭᠴᠠᠯᠠᠬᠤ ᠬᠡᠷᠡᠭᠲᠡᠢ ᠭᠡᠵᠦ ᠬᠡᠯᠡᠪᠡ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2