ᠴᠠᠭᠠᠨ ᠰᠠᠷ᠎ᠠ ᠶᠢᠨ ᠬᠤᠭᠤᠴᠠᠭᠠᠨ ᠳᠤ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢᠨ ᠪᠣᠷᠤᠯᠠᠭᠤᠯᠭ᠎ᠠ ᠶᠢᠨ ᠬᠡᠮᠵᠢᠶ᠎ᠡ 2100 ᠭᠠᠷᠤᠢ ᠲᠦᠮᠡᠨ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2024/2/26
    ᠴᠠᠭᠠᠨ ᠰᠠᠷ᠎ᠠ ᠶᠢᠨ ᠤᠷᠢᠳ ᠬᠤᠵᠢᠳ ᠢᠶᠠᠷ᠂ ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠪᠣᠷᠤᠯᠠᠭᠤᠯᠭ᠎ᠠ ᠶᠢᠨ ᠬᠥᠭᠵᠢᠶᠡᠨᠲᠡᠢ ᠤᠯᠠᠷᠢᠯ ᠢ ᠤᠭᠲᠤᠨ ᠠᠪᠴᠢᠷᠠᠵᠤ᠂ ᠠᠷᠠᠰᠤ ᠰᠢᠷᠢ ᠶᠢᠨ ᠬᠤᠳᠠ ᠳᠤ ᠬᠤᠳᠠᠯᠳᠤᠨ ᠠᠪᠬᠤ ᠪᠠᠷ ᠢᠷᠡᠭᠰᠡᠨ ᠵᠣᠴᠢᠳ ᠲᠠᠰᠤᠷᠠᠯᠳᠡ ᠦᠭᠡᠢ ᠣᠯᠠᠰᠢᠷᠠᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠶᠢᠨ ᠬᠢᠨ ︽ᠴᠠᠭᠠᠨ ᠰᠠᠷ᠎ᠠ ᠶᠢᠨ ᠪᠠᠶᠠᠷ︾ ᠤᠨ ᠠᠵᠢᠯᠯᠠᠭ᠎ᠠ ᠶᠠᠪᠤᠭᠤᠯᠵᠤ᠂ ᠡᠭᠦᠳᠡ ᠪᠠᠨ ᠬᠠᠭᠠᠭᠰᠠᠨ ᠦᠭᠡᠢ ᠪᠠᠷ ᠨᠡᠶᠢᠲᠡ 7.8 ᠲᠦᠮᠡ ᠭᠠᠷᠤᠢ ᠵᠣᠴᠢᠳ ᠢ ᠬᠦᠯᠢᠶᠡᠨ ᠠᠪᠴᠤ᠂ ᠪᠣᠷᠤᠯᠠᠭᠤᠯᠭ᠎ᠠ ᠶᠢᠨ ᠬᠡᠮᠵᠢᠶ᠎ᠡ ᠨᠢ 2100 ᠭᠠᠷᠤᠢ ᠲᠦᠮᠡᠨ ᠲᠥᠭᠦᠷᠢᠭ ᠲᠤ ᠬᠦᠷᠴᠡᠢ᠃ ᠤᠮᠠᠷᠠᠲᠤ ᠣᠷᠣᠨ ᠤ ᠲᠤᠰᠬᠠᠢ ᠠᠷᠠᠰᠤ ᠰᠢᠷᠢ ᠶᠢᠨ ᠪᠣᠷᠤᠯᠠᠭᠤᠯᠭ᠎ᠠ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠭᠰᠠᠨ ᠤ ᠬᠤᠪᠢ ᠳᠤ᠂ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠ ᠳᠠᠪᠠᠭ᠋ᠤ ᠪᠠᠷ ᠳᠡᠮᠵᠢᠨ᠂ ᠨᠢᠭᠡᠨᠲᠡ ᠣᠷᠣᠨ ᠤ ᠳᠣᠲᠣᠷᠠᠬᠢ᠂ ᠴᠢᠨᠠᠭᠰᠢᠯᠠᠪᠠᠯ ᠪᠥᠬᠦ ᠤᠯᠤᠰ ᠲᠤ ᠨᠠᠷᠠᠲᠠᠢ ᠠᠷᠠᠰᠤ ᠰᠢᠷᠢ ᠶᠢᠨ ᠬᠤᠳᠠᠯᠳᠤᠭᠠᠨ ᠤ ᠲᠥᠪ ᠪᠣᠯᠤᠭᠰᠠᠨ ᠪᠠᠶᠢᠨ᠎ᠠ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2