ᠰᠦᠢ ᠸᠧᠢ ᠵᠢᠶᠦ᠋ᠨ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠨᠠᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2024/2/27
    2 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠨᠠᠷ ᠲᠠᠢ ᠶᠠᠷᠢᠯᠴᠠᠪᠠ᠃     ᠰᠦᠢ ᠸᠧᠢ ᠵᠢᠶᠦ᠋ᠨ ᠵᠠᠩ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠭᠠᠨᠴᠠᠪ ᠪᠣᠯ ᠥᠪᠥᠷ ᠮᠣᠩᠭᠤᠯ ᠤᠨ ᠨᠡᠶᠢᠰᠯᠡᠯ ᠪᠡᠭᠡᠵᠢᠩ ᠪᠣᠯᠣᠨ ᠣᠷᠣᠨ ᠤ ᠲᠥᠪ ᠬᠥᠬᠡᠬᠤᠲᠠ ᠠᠴᠠ ᠬᠠᠮᠤᠭ ᠤᠨ ᠣᠶᠢᠷ᠎ᠠ ᠲᠠᠯ᠎ᠠ ᠨᠤᠲᠤᠭ ᠤᠨ ᠬᠤᠳᠠ ᠪᠣᠯᠣᠨ᠎ᠠ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠲᠠᠯ᠎ᠠ ᠪᠠᠷ ᠬᠠᠮ ᠳᠠᠪᠠᠭᠤᠯᠢᠭ ᠲᠠᠢ᠂ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠡᠶᠢᠰᠯᠡᠯ ᠠᠴᠠ ᠣᠶᠢᠷ᠎ᠠ᠂ ᠠᠭᠤᠷ ᠠᠮᠢᠰᠬᠤᠯ ᠬᠦᠢᠲᠡᠨ ᠰᠡᠷᠢᠭᠦᠨ᠂ ᠭᠠᠵᠠᠷ ᠰᠢᠨᠵᠢᠯᠡᠭᠡᠨ ᠤ ᠲᠣᠭᠲᠠᠭᠤᠨ ᠵᠡᠷᠭᠡ ᠥᠪᠡᠷᠮᠢᠴᠡ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠪᠣᠳᠣᠯᠲᠠ ᠶᠢᠨ ᠴᠢᠳᠠᠪᠤᠷᠢ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠬᠠᠮᠲᠤᠷᠠᠯᠴᠠᠭᠠᠨ ᠤ ᠲᠡᠷᠢᠭᠦᠨ ᠰᠣᠩᠭᠤᠯᠲᠠ ᠶᠢᠨ ᠲᠦᠷᠦᠯ ᠵᠦᠢᠯ ᠪᠣᠯᠭᠠᠵᠤ᠂ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠲᠦᠷᠭᠡᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠡᠯᠧᠮᠧᠨ᠋ᠲ ᠤᠨ ᠪᠠᠲᠤᠯᠠᠭ᠎ᠠ᠂ ᠪᠥᠬᠦ ᠶᠠᠪᠤᠴᠠ ᠶᠢᠨ ᠬᠤᠷᠳᠤᠴᠠ ᠶᠢ ᠲᠦᠷᠭᠡᠳᠬᠡᠵᠦ᠂ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠬᠦ᠂ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ ᠭᠡᠵᠦ ᠬᠡᠯᠡᠪᠡ᠃     ᠰᠦᠢ ᠸᠧᠢ ᠵᠢᠶᠦ᠋ᠨ᠂ ᠤᠯᠠᠭᠠᠨᠴᠠᠪ ᠤᠨ ᠬᠥᠭᠵᠢᠯᠲᠡ ᠶᠢᠨ ᠲᠥᠯᠦᠪᠵᠢᠭᠦᠯᠭᠡ ᠨᠢ ᠳ᠋ᠡ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠳᠤ ᠲᠤᠶᠢᠯ ᠤᠨ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠂ ᠠᠵᠤ ᠠᠬᠤᠶᠢᠯᠠᠯ ᠤᠨ ᠬᠢᠨ ᠤᠯᠠᠭᠠᠨᠴᠠᠪ ᠤᠨ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠡᠰ ᠳᠡᠪᠰᠢᠭᠦᠯᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠬᠡᠯᠡᠪᠡ᠃     ᠵᠠᠩ ᠬᠤᠩ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠤᠯᠠᠭᠠᠨᠴᠠᠪ ᠬᠤᠳᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠣᠯᠲᠠ ᠶᠢᠨ ᠴᠢᠳᠠᠪᠤᠷᠢ ᠶᠢᠨ ᠲᠥᠪ ᠤᠨ ᠪᠦᠲᠦᠭᠡᠨ ᠪᠠᠶᠢᠭᠤᠯᠤᠯᠲᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠳᠦᠷᠦᠯ ᠵᠦᠢᠯ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠳᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠤᠯᠠᠭᠠᠨᠴᠠᠪ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠬᠡᠯᠡᠪᠡ᠃     ᠶᠦᠨ ᠫᠧᠩ ᠭᠠᠩ᠂ ᠯᠢᠦ ᠭᠦᠸᠧ ᠭᠠᠩ᠂ ᠤᠣ ᠮᠠᠨ ᠪᠢᠨ ᠣᠷᠣᠯᠴᠠᠵᠠᠢ᠃                                                  ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2