ᠤᠯᠠᠭᠠᠨᠴᠠᠪ ᠬᠤᠲᠠ ᠶᠢᠨ 2023 ᠣᠨ ᠤ ︽ᠬᠠᠷᠢᠭᠤᠴᠠᠯᠭ᠎ᠠ ᠡᠬᠦᠷᠭᠡᠯᠡᠨ ᠵᠢᠳᠬᠦᠯ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠦᠭᠳᠡᠬᠦ ᠪᠠᠷ ᠪᠠᠶᠢᠭ᠎ᠠ ᠵᠢᠱᠢᠭᠳᠡᠭᠰᠡᠳ ᠤᠨ ᠠᠯᠪᠠᠨ ᠵᠠᠷ
ᠨᠡᠶᠢᠲᠡᠯᠡᠭᠰᠡᠨ ᠴᠠᠭ᠄
2024/2/28
    ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠥᠷᠭᠡᠨ ᠣᠯᠠᠨ ᠺᠠᠳ᠋ᠷᠴᠤᠳ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ ᠶᠢ ᠵᠣᠷᠢᠭᠵᠢᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠴᠥᠬᠦᠷᠡᠰᠢ ᠦᠭᠡᠢ ᠰᠠᠶᠢᠲᠤᠷ ᠠᠳᠬᠤᠵᠤ᠂ ᠴᠤᠴᠠᠯᠲᠠ ᠦᠭᠡᠢ ᠤᠷᠤᠭᠰᠢᠯᠠᠨ ᠰᠢᠨ᠎ᠡ ᠵᠠᠮ ᠢ ᠨᠡᠭᠡᠭᠡᠵᠦ᠂ ᠠᠵᠤ ᠦᠢᠯᠡᠰ ᠢ ᠪᠣᠶᠢᠵᠢᠭᠤᠯᠵᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠲᠠᠪᠰᠢᠯᠳᠠ ᠲᠠᠢ ᠪᠣᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠳᠠ ᠦᠭᠡᠢ ᠲᠦᠷᠭᠡᠳᠬᠡᠵᠦ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂ ᠵᠣᠬᠢᠶᠠᠨ ᠪᠠᠶᠢᠭᠤᠯᠤᠯᠳᠠ ᠠᠴᠠ ᠲᠠᠨᠢᠯᠴᠠᠭᠤᠯᠬᠤ᠂ ᠬᠢᠨᠠᠮᠠᠭᠠᠢ ᠠᠳᠠᠯᠢᠳᠬᠠᠨ ᠰᠣᠩᠭᠤᠬᠤ᠂ ᠴᠢᠩᠭ᠎ᠠ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠳᠠ ᠶᠢᠨ ᠨᠠᠮ ᠤᠨ ᠬᠤᠷᠢᠶ᠎ᠠ ᠠᠴᠠ ᠨᠢᠭᠡ ᠪᠦᠯᠦᠭ ᠠᠵᠢᠯᠳᠠᠳ ᠢ ︽ᠬᠠᠷᠢᠭᠤᠴᠠᠯᠭ᠎ᠠ ᠡᠬᠦᠷᠭᠡᠯᠡᠨ ᠵᠢᠳᠬᠦᠯ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠬᠦ ᠪᠠᠷ ᠪᠠᠶᠢᠨ᠎ᠠ᠃ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠡᠳᠦᠭᠡ ᠨᠡᠷᠡᠶᠢᠳᠬᠦ ᠪᠠᠷ ᠪᠠᠶᠢᠭ᠎ᠠ ᠵᠢᠱᠢᠭᠳᠡᠭᠰᠡᠳ ᠢ ᠢᠯᠡ ᠨᠡᠶᠢᠲᠡᠯᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 2024 ᠣᠨ ᠤ 2 ᠰᠠᠷ᠎ᠠ ᠶᠢᠨ 24 ᠤ ᠡᠳᠦᠷ ᠠᠴᠠ 3 ᠰᠠᠷ᠎ᠠ ᠶᠢᠨ 1 ᠤ ᠡᠳᠦᠷ ᠪᠣᠯᠲᠠᠯ᠎ᠠ᠃ ᠲᠤᠰ ᠬᠤᠭᠤᠴᠠᠭᠠᠨ ᠳᠤ᠂ ᠬᠡᠷᠪᠡ ᠨᠡᠷᠡᠶᠢᠳᠦᠭᠳᠡᠬᠦ ᠪᠠᠷ ᠪᠠᠶᠢᠭ᠎ᠠ ᠵᠢᠱᠢᠭᠳᠡᠭᠴᠢ ᠳᠤ ᠣᠨᠳᠣᠣ ᠰᠠᠨᠠᠯ ᠲᠠᠢ ᠪᠠᠶᠢᠪᠠᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠤᠰᠬᠠᠵᠤ ᠪᠣᠯᠣᠨ᠎ᠠ᠂ ᠡᠭᠦᠨ ᠤ ᠬᠠᠮᠲᠤ ᠪᠠᠶᠢᠴᠠᠭᠠᠨ ᠬᠠᠷᠭᠤᠭᠤᠯᠬᠤ ᠪᠠ ᠪᠠᠶᠢᠳᠠᠯ ᠢ ᠬᠠᠷᠢᠭᠤ ᠲᠤᠰᠬᠠᠬᠤ ᠳᠤ ᠳᠥᠭᠦᠮ ᠦᠵᠡᠭᠦᠯᠬᠦ ᠶᠢᠨ ᠲᠤᠰᠠᠳᠠ᠂ ᠲᠤᠰ ᠬᠥᠮᠥᠨ ᠤ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠶᠢᠭ᠎ᠠ ᠪᠠᠶᠢᠭᠤᠯᠭ᠎ᠠ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠮᠡᠳᠡᠭᠳᠡᠬᠦ ᠪᠤᠶᠤ ᠭᠠᠷ ᠤᠨ ᠦᠰᠦᠭ ᠵᠢᠷᠤᠭᠠᠷᠠᠢ᠃     ᠵᠠᠷᠯᠠᠨ ᠨᠡᠶᠢᠲᠡᠯᠡᠬᠦ ᠤᠲᠠᠰᠤ᠄ 0474 ︱ 12380     ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 14᠄ 30 ︱ 18᠄ 00᠃     ᠬᠠᠷᠢᠯᠴᠠᠬᠤ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ 18 ᠳ᠋ᠤᠭᠠᠷ ᠨᠣᠮᠧᠷᠲᠤ ᠶᠢᠨ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 916 ᠳ᠋ᠤᠭᠠᠷ ᠥᠷᠥᠭᠡ᠂ ᠰᠢᠤᠳᠠᠨ ᠳ᠋ᠤᠭᠠᠷ᠄ 012000᠃                                      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                             2024 ᠣᠨ ᠤ 2 ᠰᠠᠷ᠎ᠠ ᠶᠢᠨ 23 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2