ᠵᠢᠨᠢᠩ ᠲᠣᠭᠤᠷᠢᠭ ᠤᠨ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/28
    2 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠣᠨ  ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ ᠪᠦᠬᠦ ᠵᠢᠯ ᠤᠨ ᠵᠢᠨᠢᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠣᠨ  ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ 2023 ᠣᠨ ᠳᠤ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠵᠥᠪ ᠴᠢᠭᠯᠡᠯ ᠤᠳᠤᠷᠢᠳᠤᠮᠵᠢ ᠶᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠤᠨᠤᠯ ᠤᠨ ᠰᠤᠷᠤᠯᠴᠠᠯᠭ᠎ᠠ ᠶᠢᠨ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠳᠴᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠨᠡᠩ ᠪᠠᠬᠢᠵᠢᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠭᠠᠳᠠᠭᠠᠳᠤ ᠤᠬᠠᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠲᠣᠪᠣᠶᠢᠮ᠎ᠠ ᠪᠣᠯᠵᠤ᠂ ᠰᠣᠶᠣᠯ ᠤᠳᠬ᠎ᠠ ᠤᠷᠠᠯᠢᠭ ᠤᠨ ᠦᠢᠯᠡᠰ ᠴᠡᠴᠡᠭᠯᠡᠨ ᠬᠥᠭᠵᠢᠵᠦ᠂ ᠡᠯ᠎ᠡ ᠵᠦᠢᠯ ᠤᠨ ᠠᠵᠢᠯ ᠰᠢᠨ᠎ᠡ ᠢᠯᠡᠳᠲᠡ ᠦᠷ᠎ᠡ ᠪᠦᠲᠦᠮᠵᠢ ᠣᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠣᠨᠣᠯ ᠤᠨ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠰᠠᠶᠢᠲᠤᠷ ᠬᠢᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠶᠤᠨ ᠤ ᠪᠣᠯᠪᠠᠰᠤᠨ ᠤ ᠪᠤᠶᠢᠵᠢᠯᠲᠠ ᠶᠢ ᠴᠢᠩᠭᠠᠳᠬᠠᠨ᠂ ᠴᠢᠳᠠᠪᠤᠷᠢ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠭᠦᠨᠵᠡᠭᠡᠶᠢᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠢ ᠬᠠᠩᠭᠠᠨ᠎ᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2