ᠤᠯᠠᠭᠠᠨᠴᠠᠪ᠄ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/2/28
ᠴᠠᠭ᠄ 2024—02—08ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨᠳᠤᠪᠴᠢ ᠠᠭᠤᠯᠭ᠎ᠠ     2023 ᠣᠨ ᠳᠤ ᠪᠦᠬᠦ ᠬᠤᠳᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦᠨ ᠢᠶᠠᠷ ᠲᠡᠰ ᠳᠡᠪᠰᠢᠵᠦ᠂ 7 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ 6 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ  ᠨᠢ ᠪᠦᠬᠦ ᠣᠷᠣᠨ ᠤ ᠳᠤᠮᠳᠠᠴᠢ ᠲᠦᠪᠰᠢᠨ ᠠᠴᠠ ᠥᠨᠳᠥᠷ ᠪᠣᠯᠪᠠ᠃ ᠬᠤᠶᠠᠷ ᠲᠤ ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠪᠤᠭᠤᠳᠠᠢ ᠨᠣᠭᠤᠭ᠎ᠠ ᠶᠢᠨ ᠲᠥᠮᠥᠰᠥ᠂ ᠦᠬᠡᠷ ᠬᠤᠨᠢ ᠰᠦ ᠵᠡᠷᠭᠡ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠠᠶᠢᠬᠤ ᠶᠢ ᠪᠡᠶᠡᠯᠡᠭᠦᠯᠵᠦ᠂ ︽ᠤᠤᠯ ᠠᠮᠲᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠠᠯᠳᠠᠷᠰᠢᠯ ᠲᠠᠰᠤᠷᠠᠯᠲᠠ ᠦᠭᠡᠢ ᠳᠡᠭᠡᠭᠰᠢᠯᠡᠪᠡ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠡᠨᠡ ᠨᠢᠭᠡ ᠵᠢᠯ ᠳᠤ ᠥᠪᠥᠷ ᠮᠣᠩᠭᠤᠯ ᠬᠢᠯᠪᠠᠷ ᠪᠤᠰᠤ ᠪᠠᠷ ᠣᠯᠣᠭᠰᠠᠨ ᠠᠮᠵᠢᠯᠲᠠ ᠶᠢᠨ ᠬᠠᠭᠤᠳᠠᠰᠤ ᠪᠠᠨ ᠲᠤᠰᠢᠶᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠡᠯ᠎ᠡ ᠠᠶᠢᠮᠠᠭ ᠬᠤᠳᠠ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠥᠷᠢᠰᠦᠯᠳᠦᠨ ᠬᠥᠭᠵᠢᠵᠦ᠂ 2024 ᠣᠨ ᠳᠤ ᠬᠡᠷᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ ᠪᠤᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠬᠠᠮ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠭᠠᠷᠭᠠᠵᠤ᠂ ᠲᠥᠯᠥᠭᠡᠯᠡᠭᠴᠢ ᠭᠡᠰᠢᠭᠦᠳ ᠢ ᠤᠷᠢᠵᠤ ᠠᠮᠵᠢᠯᠲᠠ᠂ ᠬᠥᠭᠵᠢᠯᠲᠡ᠂ ᠨᠠᠶᠢᠳᠠᠪᠤᠷᠢᠵᠢᠭᠤᠯᠤᠯᠲᠠ ᠶᠢᠨ ᠲᠤᠬᠠᠢ ᠶᠠᠷᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠂ ᠲᠤᠰ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠢ ᠤᠷᠢᠵᠤ ᠠᠪᠴᠢᠷᠠᠵᠠᠢ᠃     ᠤᠯᠠᠭᠠᠨ  ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠄ ᠵᠣᠴᠢᠯᠠᠬᠤ ᠲᠢᠩᠬᠢᠮ ᠥᠨᠥᠳᠥᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠢ ᠤᠷᠢᠵᠤ ᠠᠪᠴᠢᠷᠠᠯ᠎ᠠ᠃ ᠡᠩ ᠲᠡᠷᠢᠭᠦᠨ ᠳᠤ ᠲᠠ ᠪᠢᠳᠡᠨ ᠳᠤ 2023 ᠣᠨ ᠤ ᠤᠯᠠᠭᠠᠨᠴᠠᠪ ᠬᠤᠲᠠ ᠶᠢᠨ ᠠᠵᠢᠯ ᠤᠨ ᠭᠢᠯᠠᠰ ᠴᠡᠭ ᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖     ᠰᠦᠢ ᠸᠧᠢ ᠵᠢᠶᠦ᠋ᠨ  ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠄ 2023 ᠣᠨ ᠳᠤ ᠪᠦᠬᠦ ᠬᠤᠳᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦᠨ ᠢᠶᠠᠷ ᠢᠶᠠᠨ ᠲᠡᠰ ᠳᠡᠪᠰᠢᠬᠦ ᠶᠢ ᠪᠡᠶᠡᠯᠡᠬᠦᠯᠵᠤ᠂ 7 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ 6 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠣᠷᠣᠨ ᠤ ᠳᠤᠮᠳᠠᠴᠢ ᠲᠦᠪᠰᠢᠨ ᠠᠴᠠ ᠥᠨᠳᠥᠷ ᠪᠣᠯᠪᠠ᠃ ᠬᠤᠶᠠᠷ ᠲᠤ ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠪᠤᠭᠤᠳᠠᠢ ᠨᠣᠭᠤᠭ᠎ᠠ ᠲᠥᠮᠥᠰᠥ᠂ ᠦᠬᠡᠷ ᠬᠤᠨᠢ ᠰᠦ ᠵᠡᠷᠭᠡ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠠᠶᠢᠬᠤ ᠶᠢ ᠪᠡᠶᠡᠯᠡᠭᠦᠯᠵᠦ᠂ ︽ᠤᠤᠯ ᠠᠮᠲᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠠᠯᠳᠠᠷᠰᠢᠯ ᠲᠠᠰᠤᠷᠠᠯᠲᠠ ᠦᠭᠡᠢ ᠳᠡᠭᠡᠭᠰᠢᠯᠡᠵᠤ᠂ ᠪᠦᠬᠦ ᠤᠯᠤᠰ ᠤᠨ ᠲᠥᠪᠯᠡᠷᠡᠭᠰᠡᠨ ᠬᠡᠮᠵᠢᠶ᠎ᠡ ᠪᠠᠷ ᠬᠠᠮᠤᠭ ᠤᠨ ᠥᠨᠳᠥᠷ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠰᠠᠭᠤᠷᠢᠨ ᠭᠠᠵᠠᠷ ᠪᠣᠯᠵᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠪᠠ᠃     ᠰᠦᠢ ᠸᠧᠢ ᠵᠢᠶᠦ᠋ᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ᠄ ᠭᠤᠷᠪᠠ ᠳᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠪᠠ᠃ ︽ᠤᠯᠠᠭᠠᠨᠴᠠᠪ ᠤᠨ ᠦᠳᠡᠰᠢ︾᠂ ᠤᠯᠠᠭᠠᠨᠴᠠᠪ ᠤᠨ ︽ᠲᠠᠯ᠎ᠠ ᠨᠤᠲᠤᠭ ᠤᠨ ᠠᠶᠠᠯᠠᠯ︾ ᠤᠨ ᠨᠠᠭᠠᠳᠤᠮ᠂ ︽ᠭᠠᠯᠲᠤ ᠠᠭᠤᠯᠠ ᠶᠢᠨ ᠪᠣᠯᠵᠤᠭ᠎ᠠ︾᠂ ︽ᠮᠥᠰᠥ ᠴᠠᠰᠤᠨ ᠤ ᠢᠨᠠᠭ ᠳᠤᠷᠠᠯᠠᠯ︾ ᠵᠡᠷᠭᠡ ᠵᠠᠭᠤ ᠰᠢᠬᠠᠮ ᠲᠥᠷᠥᠯ ᠤᠨ ᠰᠣᠶᠣᠯ ᠤᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ 12 ᠰᠢᠷᠢᠰ ᠠᠵᠢᠯᠯᠠᠭ᠎ᠠ ᠨᠢ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ ᠣᠷᠣᠯᠭ᠎ᠠ ᠶᠢ 150 ᠳ᠋ᠦᠩᠰᠢᠭᠤᠷ ᠲᠥᠭᠦᠷᠢᠭ ᠲᠤ ᠬᠥᠷᠭᠡᠪᠡ᠃ ᠳᠥᠷᠪᠡ ᠳᠤ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ ᠪᠢᠳᠡ 80% ᠠᠴᠠ ᠳᠡᠭᠡᠭᠰᠢᠬᠢ ᠡᠳ᠋ ᠤᠨ ᠵᠠᠰᠠᠭ ᠤᠨ ᠣᠷᠣᠯᠭ᠎ᠠ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠪᠥᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ 18 ᠡᠮᠨᠡᠯᠭᠡ ᠶᠢᠨ ᠬᠤᠷᠢᠶ᠎ᠠ ᠨᠢ ᠪᠡᠭᠡᠵᠢᠩ ᠬᠤᠲᠠ ᠶᠢᠨ ᠭᠤᠷᠪᠠᠳᠤᠭᠠᠷ ᠳᠡᠰ ᠤᠨ ᠬᠥᠬᠡ ᠵᠡᠷᠭᠡ ᠶᠢᠨ 25 ᠡᠮᠨᠡᠯᠭᠡ ᠶᠢᠨ ᠬᠤᠷᠢᠶ᠎ᠠ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠣᠷᠳᠣ ᠬᠤᠭᠤᠴᠠᠭᠠᠨ ᠤ ᠲᠣᠭᠲᠠᠪᠤᠷᠢᠲᠠᠢ ᠬᠠᠷᠢᠴᠠᠭ᠎ᠠ ᠪᠠᠶᠢᠭᠤᠯᠵᠤ᠂ ᠠᠷᠠᠳ ᠢᠷᠭᠡᠳ ᠪᠡᠭᠡᠵᠢᠩ ᠤᠨ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠢ ᠭᠡᠷ ᠤᠨ ᠡᠭᠦᠳᠡᠨ ᠳᠡᠭᠡᠨ ᠡᠳ᠋ᠯᠡᠵᠦ ᠪᠣᠯᠬᠤ ᠶᠤᠮ᠃ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠵᠣᠷᠯᠣᠩ ᠤᠴᠢᠬᠤ ᠳᠤ ᠨᠡᠩ ᠳᠦᠬᠦᠮ᠂ ᠳᠤᠯᠠᠭᠠᠯᠠᠭ᠎ᠠ ᠬᠢᠬᠦ ᠳᠤ ᠨᠡᠭᠦᠷᠡᠰᠦ ᠰᠢᠲᠠᠭᠠᠬᠤ ᠬᠡᠷᠡᠭ ᠦᠭᠡᠢ᠂ ᠨᠠᠰᠤᠲᠠᠶᠢᠴᠤᠳ ᠵᠣᠯ ᠵᠢᠷᠭᠠᠯ ᠤᠨ ᠲᠥᠷᠥᠭᠳᠡᠯ ᠪᠢᠯᠬᠠᠪᠡ᠃     ᠤᠯᠠᠭᠠᠨ  ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠄ ᠲᠡᠭᠡᠪᠡᠯ ᠲᠠ 2024 ᠣᠨ ᠳᠤ ᠪᠢᠳᠡ ᠬᠡᠷᠬᠢᠨ ︽ᠵᠢᠷᠭᠤᠭᠠᠨ ᠢᠨᠵᠧᠨᠧᠷᠢᠩ︾ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠲᠠᠢ ᠤᠶᠠᠯᠳᠤᠭᠤᠯᠤᠨ ᠡᠨᠡ ᠵᠢᠯ ᠤᠨ ᠠᠵᠢᠯ ᠢᠶᠠᠨ ᠥᠷᠨᠢᠭᠦᠯᠬᠦ ᠲᠤᠬᠠᠢ ᠶᠠᠷᠢᠭᠠᠳ ᠦᠭᠬᠦᠨ᠎ᠡ ᠤᠤ︖     ᠰᠦᠢ ᠸᠧᠢ ᠵᠢᠶᠦ᠋ᠨ  ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠄ 2024 ᠣᠨ ᠳᠤ᠂ ᠪᠢᠳᠡ ᠳᠣᠣᠷᠠᠬᠢ ᠭᠤᠷᠪᠠᠨ ᠲᠠᠯ᠎ᠠ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠡ᠄ ᠨᠢᠭᠡᠳᠦᠭᠡᠷ ᠲᠠᠯ᠎ᠠ ᠶᠢᠨ ᠭᠤᠣᠯᠳᠠᠯᠭ᠎ᠠ ᠪᠣᠯ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠬᠡᠷᠡᠭᠯᠡᠭᠡ ᠶᠢ ᠠᠬᠢᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ 2024 ᠣᠨ ᠳᠤ ᠪᠢᠳᠡ 230 ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠪᠡᠯᠡ ᠣᠷᠣᠭᠤᠯᠤᠯᠲᠠ ᠨᠢ 470 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠣᠨ᠎ᠠ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠢ 800 ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠬᠤᠶᠠᠳᠤᠭᠠᠷ ᠲᠠᠯ᠎ᠠ ᠶᠢᠨ ᠭᠤᠣᠯᠳᠠᠯᠭ᠎ᠠ ᠪᠣᠯ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠬᠦ ᠶᠠᠪᠤᠳᠠᠯ ᠪᠣᠯᠣᠨ᠎ᠠ᠃ ᠭᠤᠷᠪᠠᠳᠤᠭᠠᠷ ᠲᠠᠯ᠎ᠠ ᠶᠢᠨ ᠭᠤᠣᠯᠳᠠᠯᠭ᠎ᠠ ᠪᠣᠯ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠶᠠᠪᠤᠳᠠᠯ ᠪᠣᠯᠣᠨ᠎ᠠ᠃     ᠰᠦᠢ ᠸᠧᠢ ᠵᠢᠶᠦ᠋ᠨ  ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠄ 4 ᠶᠡᠭᠡ ᠲᠦᠷᠦᠯ ᠤᠨ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃  ᠲᠤᠬᠠᠶᠢᠯᠠᠪᠠᠯ ᠢᠷᠡᠭᠡᠳᠦᠢ ᠶᠢᠨ ᠠᠵᠤ ᠦᠢᠯᠡᠰ᠂ ᠳᠠᠪᠠᠭᠤᠯᠢᠭ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠪᠣᠯᠣᠨ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ᠎ᠠ᠃ ᠤᠯᠠᠭᠠᠨᠴᠠᠪ ᠤᠨ ᠢᠷᠡᠭᠡᠳᠦᠢ ᠶᠢᠨ ᠠᠵᠤ ᠦᠢᠯᠡᠰ ᠲᠤ ︽ᠤᠰᠤᠲᠥ᠋ᠷᠥᠭᠴᠢ︾ ᠶᠢ ᠤᠭᠰᠠᠷᠠᠵᠤ᠂ ︽ᠪᠤᠬᠢᠷᠳᠤᠯ ᠦᠬᠡᠢ ᠤᠰᠤᠲᠥ᠋ᠷᠥᠭᠴᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠴᠠᠪ ᠲᠤ ᠰᠠᠭᠤᠷᠢᠯᠠᠭᠰᠠᠨ᠂ ᠪᠡᠭᠡᠵᠢᠩ ᠲᠢᠶᠠᠨᠵᠢᠨ ᠾᠧᠪᠧᠢ ᠳᠤ ᠰᠢᠭᠤᠳ ᠬᠦᠷᠭᠡᠬᠦ ᠪᠠᠷᠠᠭᠤᠨ ᠬᠡᠰᠡᠭ ᠤᠨ ᠤᠰᠤᠲᠥ᠋ᠷᠥᠭᠴᠢ ᠶᠢ ᠵᠡᠭᠦᠨᠰᠢ ᠬᠦᠷᠭᠡᠬᠦ ᠬᠠᠩᠭᠠᠯᠭ᠎ᠠ ᠶᠢᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠡ᠃ ᠪᠢᠳᠡᠨ ᠤ ᠳᠠᠪᠠᠭᠤᠯᠢᠭ ᠠᠵᠤ ᠦᠢᠯᠡᠰ ︽ᠬᠡᠯᠬᠢᠶ᠎ᠡ︾ ᠠᠴᠠ ᠰᠠᠯᠵᠤ ᠪᠣᠯᠬᠤ ᠦᠭᠡᠢ᠂ ︽ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠨᠡᠶᠢᠰᠯᠡᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠤᠨ᠎ᠡ᠃ ᠮᠠᠨ ᠤ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ᠂ ︽ᠪᠤᠬᠢᠷᠳᠤᠯ ᠦᠬᠡᠢ ᠴᠠᠬᠢᠯᠭᠠᠨ ᠢᠶᠠᠷ ᠣᠷᠣᠯᠠᠭᠤᠯᠬᠤ︾ ᠶᠢ ᠬᠡᠷᠡᠭᠵᠢᠭᠦᠯᠵᠦ᠂ ᠪᠦᠬᠦ ᠤᠯᠤᠰ ᠤᠨ ᠬᠠᠮᠤᠭ ᠤᠨ ᠶᠡᠭᠡ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠤᠨ᠎ᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ︽ᠰᠠᠭᠤᠷᠢ︾ ᠶᠢ ᠪᠠᠲᠤᠳᠬᠠᠵᠤ᠂ ︽ᠲᠦᠷᠪᠡᠨ ᠰᠢᠨ᠎ᠡ ᠠᠵᠤ ᠦᠢᠯᠡᠰ︾ ᠢ ᠤᠷᠢᠳᠠᠪᠠᠷ ᠬᠥᠭᠵᠢᠭᠦᠯᠵᠤ᠂ ᠳᠠᠷᠤᠢ ᠰᠢᠨ᠎ᠡ ᠡᠨᠧᠷᠭᠢ ᠶᠢᠨ ᠠᠵᠤ ᠦᠢᠯᠡᠰ᠂ ᠰᠢᠨ᠎ᠡ ᠪᠣᠳᠣᠯᠭ᠎ᠠ ᠶᠢᠨ ᠬᠦᠴᠦᠨ ᠤ ᠠᠵᠤ ᠦᠢᠯᠡᠰ᠂ ᠰᠢᠨ᠎ᠡ ᠲᠣᠨᠣᠭᠯᠠᠯ ᠤᠨ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯᠣᠨ᠎ᠠ᠃ ︽ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠳᠡᠮ ᠪᠤᠳᠤᠬᠤ᠂ ᠣᠶᠤᠨ ᠢᠶᠠᠷ ᠪᠤᠳᠤᠬᠤ᠂ ᠬᠡᠲᠦ ᠪᠣᠳᠣᠯᠭ᠎ᠠ ᠶᠢᠨ ᠲᠥᠪ ᠤᠨ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠤᠨ᠎ᠠ᠃ ᠰᠠᠯᠬᠢᠨ ᠬᠦᠴᠦᠨ ᠤ ᠮᠠᠰᠢᠨ᠂ ᠤᠰᠤᠲᠥ᠋ᠷᠥᠭᠴᠢ ᠦᠢᠯᠡᠳᠬᠦ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠳᠡᠯᠡᠬᠡᠢ ᠶᠢᠨ ᠬᠠᠮᠤᠭ ᠤᠨ ᠲᠣᠮᠣ ᠴᠠᠭᠠᠰᠤ ᠪᠣᠯᠭᠠᠬᠤ᠂ ᠴᠠᠭᠠᠰᠤ ᠬᠤᠷᠠᠮᠳᠤᠭᠤᠯᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2