ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠯᠦᠩ ᠶᠤᠸᠠᠨ ᠴᠠᠬᠢᠯᠭᠠᠨ ᠬᠦᠴᠦᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/29
   ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠳᠠᠷᠠᠭ᠎ᠠ᠂ ᠮᠠᠨ ᠤ ᠬᠤᠲᠠ ᠲᠡᠷᠡ ᠳᠠᠷᠤᠢ ᠳᠤᠨᠢ ᠴᠤᠤᠷᠢᠶᠠᠲᠤᠨ ᠳᠠᠭᠠᠵᠤ᠂ ᠡᠬᠢᠯᠡᠯᠲᠡ ᠪᠠᠨ ᠲᠦᠷᠭᠡᠳᠬᠡᠵᠦ᠂ ᠡᠬᠢᠯᠡᠯᠲᠡ ᠪᠠᠨ ᠲᠡᠷᠢᠭᠦᠨ ᠪᠠᠶᠢᠷᠢᠨ ᠳᠤ ᠲᠠᠯᠪᠢᠬᠤ ᠲᠡᠮᠡᠴᠡᠯ ᠤᠨ ᠳᠦᠷᠢ ᠪᠠᠶᠢᠳᠠᠯ ᠢᠶᠠᠷ ᠰᠢᠨ᠎ᠡ ᠨᠢᠭᠡᠨ ᠡᠭᠡᠯᠵᠢ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠯᠠᠭᠤᠨ ᠥᠷᠨᠢᠯᠲᠡ ᠭᠠᠷᠭᠠᠪᠠ᠃ 2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠯᠦᠩ ᠶᠤᠸᠠᠨ ᠴᠠᠬᠢᠯᠭᠠᠨ ᠬᠦᠴᠦᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠨ ᠡᠵᠡᠮᠳᠡᠬᠦ ᠲᠥᠪ᠂ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠲᠥᠪ ᠢ ᠲᠣᠭᠤᠷᠢᠨ ᠦᠵᠡᠵᠦ᠂ ᠳᠠᠷᠠᠭ᠎ᠠ ᠨᠢ ᠠᠵᠤ ᠠᠬᠤᠶᠢᠯᠠᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠬᠥᠩ ᠢᠦᠢ ᠹᠧᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠰᠦᠢ ᠸᠧᠢ ᠵᠢᠶᠦ᠋ᠨ᠂ ᠤᠯᠠᠭᠠᠨᠴᠠᠪ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠲᠣᠪᠣᠶᠢᠮ᠎ᠠ᠂ ᠰᠠᠯᠬᠢ ᠬᠡᠷᠡᠯ ᠤᠨ ᠡᠬᠢ ᠪᠠᠶᠠᠯᠢᠭ ᠡᠯᠪᠡᠭ᠂ ᠣᠷᠣᠨ ᠵᠠᠢ ᠥᠷᠭᠡᠨ ᠠᠭᠤᠳᠠᠮ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠮᠠᠰᠢ ᠰᠠᠷᠠᠭᠤᠯ ᠳᠠᠷᠳᠠᠩ ᠪᠠᠶᠢᠨ᠎ᠠ᠃ ᠯᠦᠩ ᠶᠤᠸᠠᠨ ᠴᠠᠬᠢᠯᠭᠠᠨ ᠬᠦᠴᠦᠨ ᠤ ᠪᠦᠯᠦᠭᠯᠡᠯ ᠨᠢ ᠰᠢᠨ᠎ᠡ ᠡᠨᠧᠷᠭᠢ ᠶᠢᠨ ᠬᠦᠷᠢᠶᠡᠨ ᠳᠤ ᠡᠯᠪᠡᠭ ᠪᠠᠶᠠᠯᠢᠭ ᠨᠡᠭᠡᠭᠡᠨ ᠠᠰᠢᠭᠯᠠᠵᠤ ᠡᠵᠡᠩᠨᠡᠬᠦ ᠲᠤᠷᠰᠢᠯᠭ᠎ᠠ ᠪᠠ ᠡᠯᠪᠡᠭ ᠪᠠᠶᠠᠯᠢᠭ ᠮᠡᠷᠭᠡᠵᠢᠯ ᠤᠨ ᠪᠣᠳᠠᠲᠤ ᠬᠦᠴᠦᠨ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠮᠠᠰᠢ ᠤᠯᠠᠨ ᠲᠣᠬᠢᠷᠠᠯᠴᠠᠬᠤ ᠲᠠᠯ᠎ᠠ ᠲᠠᠢ ᠶᠤᠮ᠃ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠠᠭᠠᠨᠴᠠᠪ ᠬᠤᠲᠠ ᠶᠢᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠠᠮᠲᠤ ᠪᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠵᠡᠷᠭᠡᠪᠡᠷ᠂ ᠬᠤᠶᠠᠷ ᠲᠠᠯ᠎ᠠ ᠪᠠᠷ ᠢᠶᠠᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠥᠳᠡᠯᠦᠯᠴᠡᠵᠦ᠂ ᠠᠵᠢᠯᠯᠠᠵᠤ᠂ ᠴᠠᠭ ᠢ ᠠᠮᠵᠢᠵᠤ᠂ ᠠᠬᠢᠴᠠ ᠶᠢ ᠲᠦᠷᠭᠡᠳᠬᠡᠵᠦ᠂ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠪᠦᠷᠢᠯᠡᠬᠦ ᠪᠣᠬᠢᠷᠲᠤᠯ ᠦᠭᠡᠢ ᠮᠧᠲ᠋ᠢᠯ ᠠᠯᠺᠣᠣᠯ ᠢ ᠨᠢᠭᠡ ᠴᠣᠭᠴᠠᠵᠢᠭᠤᠯᠬᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠠᠵᠤ ᠠᠬᠤᠶᠢᠯᠠᠯ ᠳᠤ ᠨᠠᠩ ᠰᠢᠯᠢᠳᠡᠭ ᠣᠷᠴᠢᠨ ᠲᠣᠭᠤᠷᠢᠨ᠂ ᠨᠠᠩ ᠰᠠᠶᠢᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠪᠠᠷ ᠪᠠᠶᠢᠨ᠎ᠠ ᠭᠡᠵᠦ ᠢᠯᠡᠷᠬᠡᠶᠢᠯᠡᠪᠡ᠃      ᠬᠥᠩ ᠢᠦᠢ ᠹᠧᠢ ᠰᠦᠢ ᠸᠧᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠣᠷᠳᠣ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠦᠯᠦᠭᠯᠡᠯ ᠤᠨ ᠬᠢᠨ ᠲᠤᠰ ᠪᠡᠶ᠎ᠡ ᠶᠢᠨ ᠶᠡᠷᠦᠩᠬᠡᠶᠢᠯᠡᠭᠰᠡᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠰᠢᠨ᠎ᠡ ᠡᠨᠧᠷᠭᠢ ᠵᠡᠷᠭᠡ ᠬᠦᠷᠢᠶᠡᠨ ᠳᠤ ᠤᠯᠠᠭᠠᠨᠴᠠᠪ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ᠃ ᠡᠭᠦᠨ ᠤ ᠬᠠᠮᠲᠤ᠂ ᠴᠠᠭ ᠤᠨ ᠬᠦᠰᠦᠨᠦᠭ ᠭᠠᠷᠭᠠᠵᠤ᠂ ᠡᠭᠦᠷᠭᠡ ᠶᠢᠨ ᠪᠢᠴᠢᠭ ᠢ ᠨᠠᠷᠢᠯᠢᠭᠵᠢᠭᠤᠯᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠪᠣᠬᠢᠷᠲᠤᠯ ᠦᠭᠡᠢ ᠮᠧᠲ᠋ᠢᠯ ᠠᠯᠺᠣᠣᠯ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠬᠡᠯᠡᠪᠡ᠃    ᠶᠦᠨ ᠫᠧᠩ ᠭᠠᠩ᠂ ᠯᠢᠦ ᠭᠦᠸᠧ ᠭᠠᠩ ᠣᠷᠣᠯᠴᠠᠵᠠᠢ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2