ᠵᠢᠨᠢᠩ ᠲᠣᠭᠤᠷᠢᠭ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
    2 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠬᠤ ᠶᠢᠨ ᠬᠠᠮᠲᠤ ᠵᠢᠨᠢᠩ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠵᠢᠨᠢᠩ ᠲᠣᠭᠤᠷᠢᠭ ᠤᠨ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠵᠢᠨᠢᠩ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠰᠣᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠲᠤᠰᠬᠠᠢ ᠬᠥᠮᠥᠨ ᠲᠤᠰᠬᠠᠢ ᠠᠵᠢᠯ ᠢᠶᠠᠷ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠰᠠᠶᠢᠲᠤᠷ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠵᠥᠷᠢᠴᠡᠯ ᠵᠠᠭᠤᠷᠠᠯᠳᠤᠭᠠᠨ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠰᠠᠶᠢᠲᠤᠷ ᠬᠢᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠴᠢᠩᠭ᠎ᠠ ᠱᠠᠭᠠᠷᠳᠠᠨ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠵᠠᠳᠠᠯᠤᠯᠲᠠ ᠬᠢᠵᠦ ᠵᠠᠷᠯᠠᠨ ᠮᠡᠳᠡᠭᠳᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠦᠷᠭᠡᠨ ᠪᠥᠭᠡᠳ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃                                       ᠤᠷᠴᠢᠭᠤᠯᠤᠭᠴᠢ᠄ ᠬᠦᠰᠡᠯ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2