ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/2/5

ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠠᠯᠪᠠᠨ ᠮᠡᠳᠡᠭᠡ

   ︵2024 ᠣᠨ ᠤ 2 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ

ᠬᠤᠲᠠ ᠶᠢᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ

ᠪᠥᠬᠦᠳᠡ ᠬᠤᠷᠠᠯ ᠠᠴᠠ ᠪᠠᠲᠤᠯᠠᠪᠠ︶

       2024 ᠣᠨ ᠤ 2 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ

ᠬᠤᠲᠠ ᠶᠢᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ

ᠪᠥᠬᠦᠳᠡ ᠬᠤᠷᠠᠯ ᠵᠢᠨᠢᠩ ᠳᠤ ᠬᠤᠷᠠᠯᠳᠤᠪᠠ᠃ ᠲᠣᠰ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ29 ᠬᠥᠮᠦᠨ᠂ 63 ᠬᠥᠮᠦᠨ ᠰᠤᠯᠠ ᠣᠷᠣᠯᠴᠠᠪᠠ᠃

       ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠪᠥᠬᠦᠳᠡ ᠬᠤᠷᠠᠯ ᠳᠤ ᠣᠷᠣᠯᠴᠠᠵᠤ

ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ

ᠵᠥᠪᠯᠡᠯᠭᠡᠨ ᠵᠢᠴᠢ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ

ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ

ᠬᠤᠷᠠᠯ ᠳᠤ ᠣᠷᠣᠯᠴᠠᠪᠠ᠃

       ᠪᠥᠬᠦᠳᠡ ᠬᠤᠷᠠᠯ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ

ᠬᠤᠷᠢᠶ᠎ᠠ ᠠᠴᠠ ᠡᠷᠬᠢᠯᠡᠪᠡ᠃ ᠪᠦᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ

ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ

ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ

ᠲᠤᠯᠤᠳᠤᠭᠠᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠤᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ

ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠵᠤ᠂ 2023 ᠣᠨ ᠤ ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ ᠪᠠᠶᠢᠷᠢᠯᠠᠭᠤᠯᠵᠤ᠂ ᠯᠢ ᠴᠧᠩ ᠭᠤᠸᠠᠩ ᠨᠥᠬᠦᠷ ᠤᠨ

ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽

ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ

ᠪᠢᠴᠢᠭᠯᠡᠬᠦ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ

ᠪᠠᠲᠤᠯᠠᠪᠠ᠃

     ᠪᠦᠬᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ

ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂

ᠡᠨᠡ ᠬᠦ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ

ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠰᠢᠨ᠎ᠡ ᠠᠶᠠᠨ ᠵᠠᠮ ᠤᠨ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ

ᠪᠣᠯᠤᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠵᠠᠢ ᠭᠡᠵᠦ ᠰᠠᠨᠠᠯ ᠨᠢᠭᠡᠲᠡᠢ ᠦᠵᠡᠪᠡ᠃ ᠪᠦᠬᠦ

ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠭᠦᠨ

ᠵᠤᠵᠠᠭᠠᠨ ᠬᠠᠶᠢᠷ᠎ᠠ ᠰᠡᠳᠬᠢᠯᠭᠡ ᠂ ᠡᠷᠡᠰ ᠪᠠᠲᠤ ᠢᠲᠡᠭᠡᠯ ᠪᠢᠰᠢᠷᠡᠯ᠂ ᠴᠢᠩᠭ᠎ᠠ ᠡᠭᠦᠷᠭᠡ ᠬᠠᠷᠢᠭᠤᠴᠠᠯᠭ᠎ᠠ ᠶᠢ ᠡᠪᠦᠷᠯᠡᠵᠦ᠂

ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ

ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠯᠠᠪᠳᠠᠭᠤᠨ ᠪᠠᠲᠤᠲᠠᠢ ᠬᠡᠷᠡᠭᠵᠢᠭᠦᠯᠵᠦ᠂ ᠭᠤᠣᠯ

ᠴᠢᠮᠥᠭᠡ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠥᠪ ᠤᠨ

ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠤᠬᠠᠮᠰᠠᠷ ᠠᠴᠠ ᠪᠠᠨ ᠡᠨᠡᠬᠦ ᠴᠢᠬᠤᠯᠠ ᠦᠵᠡᠯ

ᠰᠠᠨᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ

ᠲᠤᠭᠤᠰᠢᠯᠠᠭᠤᠯᠬᠤ ᠬᠡᠷᠡᠭᠲᠡᠢ ᠭᠡᠵᠡᠢ᠃

     ᠪᠦᠬᠦᠳᠡ ᠬᠤᠷᠠᠯ ᠠᠴᠠ ᠯᠢ ᠰᠢ ᠨᠥᠬᠦᠷ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ ᠶᠢ ᠨᠠᠷᠢᠨ

ᠬᠢᠨᠠᠮᠠᠭᠠᠢ ᠰᠤᠷᠤᠯᠴᠠᠵᠤ᠂ ᠰᠦᠨ ᠱᠤᠤ ᠴᠧᠩ ᠨᠥᠬᠦᠷ᠂ ᠯᠢᠦ ᠱᠤᠸᠠᠩ ᠨᠥᠬᠦᠷ ᠤᠨ ᠥᠪᠡᠷᠲᠡᠭᠡᠨ ᠵᠠᠰᠠᠬᠤ

ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ

ᠪᠦᠬᠦᠳᠡ ᠬᠤᠷᠠᠯ ᠳᠡᠭᠡᠷᠡᠬᠢ ᠶᠠᠷᠢᠶ᠎ᠠ ᠪᠣᠯᠤᠨ ᠠᠵᠢᠯ ᠤᠨ ᠮᠡᠳᠡᠭᠦᠯᠦᠯᠲᠡ ᠵᠢᠴᠢ ᠰᠦᠢ ᠸᠧᠢ ᠵᠢᠶᠦ᠋ᠨ ᠨᠥᠬᠦᠷ ᠤᠨ

ᠶᠠᠷᠢᠶᠠᠨ ᠳᠤ ᠮᠡᠳᠡᠭᠦᠯᠦᠯᠲᠡ ᠪᠣᠯᠤᠨ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ

ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠦᠬᠦ

ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ

ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠰᠠᠬᠢᠯᠭ᠎ᠠ ᠪᠠᠲᠤ ᠪᠠᠶᠢᠴᠠᠭᠠᠬᠤ

ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠤ᠂ ᠪᠦᠬᠦ ᠬᠤᠳᠠ ᠶᠢᠨ

ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠪᠠᠶᠢᠭᠤᠯᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠦ

ᠰᠠᠨᠠᠯ ᠨᠢᠭᠡᠲᠡᠢ ᠦᠵᠡᠪᠡ᠃

     ᠪᠦᠬᠦᠳᠡ ᠬᠤᠷᠠᠯ ᠠᠴᠠ᠂ 2023 ᠤᠨ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ

ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠪᠠᠨ ᠨᠡᠯᠢᠶᠡᠳ ᠰᠠᠶᠢᠨ

ᠪᠡᠶᠡᠯᠡᠭᠦᠯᠪᠡ᠃ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠬᠠᠮᠰᠠᠷ ᠠᠴᠠ ᠪᠠᠨ

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠰᠠᠬᠢᠯᠭ᠎ᠠ ᠪᠠᠲᠤ

ᠪᠠᠶᠢᠴᠠᠭᠠᠬᠤ ᠬᠢᠨᠠᠨ ᠪᠠᠶᠢᠴᠠᠭᠠᠬᠤ ᠠᠯᠢᠪᠠ ᠠᠵᠢᠯ ᠢ ᠶᠡᠷᠦᠩᠬᠡᠶᠢᠯᠡᠨ ᠵᠢᠯᠤᠭᠤᠳᠪᠠ᠃ ᠬᠤᠶᠠᠷ ᠲᠤᠮᠤ ᠶᠠᠪᠤᠳᠠᠯ ᠢ

ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂

ᠬᠤᠳᠠ ᠶᠢᠨ ᠨᠠᠮ ᠤᠨ ᠬᠤᠷᠢᠶ᠎ᠠ ᠶᠢ ᠬᠠᠪᠰᠤᠷᠤᠨ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ

ᠪᠣᠯᠭᠠᠭᠰᠠᠨ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠪᠠᠶᠢᠭᠤᠯᠪᠠ᠃

ᠲᠥᠪ ᠴᠢᠩᠭ᠎ᠠ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠬᠤ ᠶᠢ

ᠪᠠᠷᠢᠮᠲᠠᠯᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ

ᠨᠠᠶᠢᠲᠠᠪᠤᠷᠢᠵᠢᠭᠤᠯᠪᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠢᠯᠵᠠᠷᠠᠯ

ᠪᠠᠶᠢᠪᠠᠯ ᠵᠠᠪᠠᠯ ᠡᠰᠡᠷᠭᠦᠴᠡᠵᠦ᠂ ᠬᠡᠷᠡᠭ ᠪᠠᠶᠢᠪᠠᠯ ᠵᠠᠪᠠᠯ ᠪᠠᠶᠢᠴᠠᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ

ᠢᠯᠵᠠᠷᠠᠯ ᠤᠨ ᠬᠡᠷᠡᠭ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ

ᠪᠠᠶᠢᠴᠠᠭᠠᠨ‌‍ᠰᠢᠢᠳᠪᠦᠷᠢᠯᠡᠪᠡ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ

ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ︽ᠢᠯᠠᠭ᠎ᠠ ᠬᠤᠪᠳᠤᠭᠯᠠᠵᠤ ᠰᠢᠷᠭᠤᠯᠵᠢ ᠢᠯᠵᠠᠷᠠᠬᠤ︾ ᠶᠢ ᠡᠷᠡᠰ

ᠵᠠᠯᠬᠠᠭᠠᠨ ᠰᠢᠢᠳᠭᠡᠪᠡ᠃ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠴᠠᠭᠳᠠᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠪᠠ᠃ ᠥᠪᠡᠷ ᠤᠨ

ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ

ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠥᠨᠳᠥᠷ ᠪᠠᠷᠢᠮᠵᠢᠶ᠎ᠠ᠂ ᠴᠢᠩᠭ᠎ᠠ

ᠱᠠᠭᠠᠷᠳᠠᠯᠭ᠎ᠠ ᠪᠠᠷ ᠠᠷᠢᠭᠤᠨ ᠴᠡᠪᠡᠷ ᠦᠵᠡᠯ ᠰᠠᠨᠠᠭ᠎ᠠ᠂ ᠠᠷᠢᠭᠤᠨ ᠴᠡᠪᠡᠷ ᠵᠣᠬᠢᠶᠠᠨ ᠪᠠᠶᠢᠭᠤᠯᠤᠯᠲᠠ ᠶᠢ ᠴᠢᠩᠭ᠎ᠠ

ᠱᠠᠭᠠᠷᠳᠠᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠪᠦᠬᠦ ᠬᠤᠲᠠ ᠶᠢᠨ ᠢᠯᠵᠠᠷᠠᠯ ᠢ ᠡᠰᠡᠷᠭᠦᠴᠡᠭᠰᠡᠨ

ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠣᠯᠤᠨ ᠺᠠᠳ᠋ᠷ ᠤᠨ ᠡᠩᠨᠡᠭᠡᠨ ᠤ

ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠦᠷᠭᠦᠯᠵᠢᠯᠡᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃

     ᠪᠦᠬᠦᠳᠡ ᠬᠤᠷᠠᠯ ᠠᠴᠠ᠂ 2024 ᠣᠨ ᠤ ᠰᠠᠬᠢᠯᠭ᠎ᠠ ᠪᠠᠲᠦ  ᠪᠠᠶᠢᠴᠠᠭᠠᠬᠤ ᠬᠢᠨᠠᠨ ᠪᠠᠴᠠᠭᠠᠬᠤ ᠠᠵᠢᠯ ᠢ

ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ

ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠪᠣᠯᠤᠨ ᠬᠤᠷᠢᠳᠤᠭᠠᠷ

ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ

ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ

ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠤᠷ

ᠮᠤᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ  ᠨᠠᠶᠢᠳᠠᠪᠤᠷᠢᠵᠢᠭᠤᠯᠵᠤ᠂

︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂

ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ

ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ

ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠲᠤᠮᠳᠠᠲᠦ ᠶᠢᠨ ᠦᠨᠳᠦᠰᠦᠳᠡᠨ ᠤ ᠬᠠᠮᠲᠤ ᠶᠢᠨ ᠴᠤᠭᠴᠠ ᠶᠢᠨ

ᠦᠵᠡᠯ ᠤᠬᠠᠮᠰᠠᠷ ᠢ ᠪᠠᠲᠦ ᠴᠤᠭᠴᠠᠯᠠᠬᠤ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠭᠤᠣᠯ ᠰᠡᠳᠦᠪᠲᠦ

ᠬᠥᠮᠦᠵᠢᠯ ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠪᠡᠷᠲᠡᠭᠡᠨ

ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ

ᠪᠦᠬᠦᠳᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂

ᠨᠠᠮ ᠤᠨ ᠲᠦᠷᠢᠮ ᠢ ᠲᠥᠪ ᠴᠢᠩᠭ᠎ᠠ ᠪᠣᠯᠭᠠᠬᠤ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ

ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ

ᠡᠷᠡᠰ ᠭᠤᠶᠢᠪᠢᠰᠢ ᠦᠭᠡᠢ ᠠᠬᠢᠭᠤᠯᠵᠤ ᠰᠤᠷᠳᠠᠯ ᠢ ᠴᠡᠭᠴᠡᠯᠡᠨ ᠰᠠᠬᠢᠯᠭ᠎ᠠ ᠪᠠᠲᠦ ᠶᠢ ᠴᠢᠩᠳᠠᠯᠠᠵᠤ ᠢᠯᠵᠠᠷᠠᠯ ᠢ

ᠡᠰᠡᠷᠭᠦᠴᠡᠬᠦ ᠶᠢ ᠬᠦᠨᠵᠡᠭᠡᠢ ᠠᠬᠢᠭᠤᠯᠵᠤ᠂ ᠪᠦᠬᠦ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠦᠢᠯᠡᠴᠢᠯᠡᠭᠡᠨ ᠤ ᠪᠠᠲᠤᠯᠠᠭ᠎ᠠ

ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠨᠢᠭᠡᠳᠦᠭᠡᠷ ᠲᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ

ᠰᠡᠳᠦᠪᠲᠦ ᠬᠥᠮᠦᠵᠢᠯ ᠪᠠ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠦᠨ

ᠦᠷᠭᠡᠳᠬᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ

ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ

ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠱᠤᠭᠤᠮ ᠪᠣᠯᠭᠠᠵᠤ᠂ ᠭᠦᠨᠵᠡᠭᠡᠶᠢᠷᠡᠭᠦᠯᠬᠦ᠂

ᠬᠠᠳᠠᠩᠰᠢᠭᠤᠯᠬᠤ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠤᠯᠴᠠᠯᠭ᠎ᠠ ᠶᠢᠨ ᠦᠷ᠎ᠡ

ᠪᠦᠲᠦᠭᠡᠯ ᠢᠶᠠᠨ ᠬᠤᠶᠠᠷ ᠲᠤᠮᠤ ᠶᠠᠪᠤᠳᠠᠯ ᠢ ᠰᠠᠢᠲᠤᠷ ᠬᠢᠬᠦ ᠳᠤ ᠦᠢᠯᠡᠴᠢᠯᠡᠭᠡᠨ ᠤ ᠪᠠᠲᠤᠯᠠᠭ᠎ᠠ ᠪᠠ ᠰᠤᠷᠲᠠᠯ ᠢ

ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠪᠣᠳᠠᠲᠤ ᠦᠷ᠎ᠡ ᠪᠦᠲᠦᠮᠵᠢ ᠪᠣᠯᠭᠠᠨ

ᠲᠠᠰᠤᠷᠠᠯᠲᠠ ᠦᠭᠡᠢ ᠬᠤᠪᠢᠷᠠᠭᠤᠯᠤᠨ᠎ᠠ᠃

    ᠬᠤᠶᠠᠳᠤᠭᠠᠷ ᠲᠤ᠂ ᠪᠤᠳᠠᠳᠠᠶᠢᠵᠢᠭᠤᠯᠬᠤ ᠣᠨᠣᠴᠠᠳᠠᠢ ᠪᠠᠶᠢᠩᠭᠤᠵᠢᠭᠤᠯᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠠᠷ ᠬᠦᠴᠦᠯᠡᠨ

ᠴᠢᠷᠮᠠᠶᠢᠨ᠎ᠠ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ

ᠴᠢᠩᠳᠠᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ᠂ ᠤᠯᠤᠰ ᠲᠦᠷᠦ ᠶᠢᠨ ᠠᠮᠤᠷ ᠲᠦᠪᠰᠢᠨ᠂ ᠤᠯᠤᠰ

ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠵᠣᠭᠰᠣᠯᠲᠠ ᠪᠠ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠥᠷᠢᠶ᠎ᠡ ᠶᠢ ᠡᠷᠡᠰ

ᠵᠠᠯᠠᠷᠠᠭᠤᠯᠵᠤ᠂ ᠤᠯᠤᠰ ᠲᠦᠷᠦ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠨ᠎ᠠ᠃ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ

ᠪᠠᠷᠢᠮᠳᠠᠯᠠᠬᠤ ᠶᠢ ᠴᠢᠩᠭ᠎ᠠ ᠠᠩᠬᠠᠷᠴᠤ᠂ ᠬᠤᠶᠠᠷ ᠲᠤᠮᠤ ᠶᠠᠪᠤᠳᠠᠯ ᠢ ᠰᠠᠶᠢᠲᠤᠷ ᠬᠢᠬᠦ ᠵᠡᠷᠭᠡ ᠭᠤᠣᠯᠳᠠᠯᠭ᠎ᠠ ᠲᠠᠢ

ᠡᠭᠦᠷᠬᠡ ᠳᠤ ᠠᠩᠬᠠᠷᠤᠯ ᠢᠶᠠᠨ ᠲᠥᠪᠯᠡᠷᠡᠭᠦᠯᠦᠨ ᠲᠠᠭᠠᠨ ᠬᠢᠨᠠᠯᠲᠠ ᠲᠠᠯᠪᠢᠨ᠎ᠠ᠃ ᠨᠠᠮ ᠤᠨ ᠬᠤᠷᠢᠶ᠎ᠠ ᠶᠢ ᠬᠠᠮᠵᠢᠨ ᠡᠯ᠎ᠡ

ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠤᠯᠠᠮ ᠨᠢᠭᠡ ᠠᠯᠬᠤᠮ

ᠪᠦᠷᠢᠨᠰᠢᠭᠦᠯᠵᠦ᠂ ᠡᠯ᠎ᠡ ᠲᠥᠷᠥᠯ ᠤᠨ ᠴᠡᠭᠴᠡᠯᠡᠨ ᠰᠠᠶᠢᠵᠢᠷᠠᠭᠤᠯᠬᠤ ︽ᠨᠢᠭᠡ ᠯᠡ ᠱᠤᠭᠤᠮ︾ ᠤᠨ ᠠᠵᠢᠯ ᠤᠨ

ᠲᠣᠭᠲᠠᠴᠠ ᠶᠢ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠦᠨᠡᠨᠬᠦ ᠨᠢᠬᠲᠠᠷᠠᠭᠤᠯᠤᠨ᠎ᠠ᠃

    ᠭᠤᠷᠪᠠᠳᠤᠭᠠᠷ ᠲᠤ᠂ ᠢᠯᠵᠠᠷᠠᠯ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠴᠦᠯᠡᠨ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ

ᠪᠠ ᠬᠤᠳᠠᠯᠳᠤᠭᠠᠴᠢᠨ ᠬᠤᠯᠪᠣᠯᠳᠤᠭᠰᠠᠨ ᠢᠯᠵᠠᠷᠠᠯ ᠢ ᠴᠢᠩᠭ᠎ᠠ ᠰᠢᠳᠬᠡᠬᠦ ᠶᠢ ᠭᠤᠤᠯᠳᠠᠯᠭ᠎ᠠ ᠶᠢᠨ ᠳᠣᠲᠣᠷᠠᠬᠢ

ᠭᠤᠤᠯᠳᠠᠯᠭ᠎ᠠ ᠪᠣᠯᠭᠠᠵᠤ᠂ ᠮᠥᠩᠭᠦᠨ ᠬᠦᠢᠯᠭᠡᠬᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠡᠨᠧᠷᠭᠢ᠂ ᠡᠮ

ᠡᠮᠨᠡᠯᠭᠡ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠵᠤ

ᠳᠠᠭᠠᠭᠠᠴᠢᠯᠠᠯᠲᠠ ᠬᠦᠯᠢᠶᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ

ᠵᠠᠰᠠᠬᠤ ᠶᠢ ᠭᠦᠨᠵᠡᠭᠡᠶᠢᠷᠡᠭᠦᠯᠦᠨ᠎ᠡ᠃ ᠬᠡᠭᠡᠯᠢ ᠲᠦᠯᠬᠢᠬᠦ ᠦᠢᠯᠡ ᠠᠵᠢᠯᠯᠠᠭ᠎ᠠ ᠶᠢ ᠴᠢᠩᠭ᠎ᠠ ᠰᠢᠳᠭᠡᠵᠦ᠂

ᠭᠤᠣᠯᠳᠠᠯᠭ᠎ᠠ ᠲᠠᠢ ᠬᠠᠭ᠋ᠤᠤᠯᠢ ᠲᠦᠯᠬᠢᠭᠴᠢ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ

ᠲᠡᠭᠦᠯᠳᠡᠷᠵᠢᠭᠦᠯᠦᠨ᠎ᠡ᠃ ᠬᠡᠷᠡᠭ ᠢᠶᠠᠷ ᠴᠡᠭᠴᠡᠯᠡᠬᠦ ᠶᠢ ᠠᠬᠢᠭᠤᠯᠬᠤ ᠶᠢ ᠭᠦᠨᠵᠡᠭᠡᠶ ᠠᠬᠢᠭᠤᠯᠵᠤ᠂ ᠰᠢᠨ᠎ᠡ ᠴᠠᠭ

ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃

   ᠳᠥᠷᠪᠡᠳᠦᠭᠡᠷ ᠲᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ

ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠤᠷᠲᠠᠯ︾ ᠢ ᠵᠠᠯᠠᠷᠠᠭᠤᠯᠵᠤ ᠰᠢᠨ᠎ᠡ

ᠰᠤᠷᠲᠠᠯ ᠢ ᠪᠤᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠲᠣᠭᠲᠠᠭᠠᠯ ᠠᠴᠠ ᠵᠥᠷᠢᠴᠡᠨ ᠢᠳᠡᠵᠦ ᠣᠣᠭᠤᠭᠰᠠᠨ

ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠢᠷᠭᠠᠨ ᠴᠡᠩᠭᠡᠬᠦ

ᠦᠵᠡᠯ᠂ ᠱᠠᠯᠢᠨ ᠪᠦᠷᠢᠯᠭᠡᠬᠦ ᠰᠤᠷᠲᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠵᠦ᠂ ᠲᠥᠪ ᠪᠤᠰᠤ ᠰᠤᠷᠳᠠᠯ

ᠢᠯᠵᠠᠷᠠᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃

ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ

ᠵᠠᠰᠠᠵᠤ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ᠂ ᠤᠳᠤᠷᠢᠳᠬᠤ ᠺᠠᠳ᠋ᠷ ᠠᠴᠠ ᠡᠬᠢᠯᠡᠨ

ᠥᠭᠡᠷᠡᠴᠢᠯᠡᠵᠦ᠂ ᠠᠵᠢᠯ ᠬᠢᠬᠦ ᠦᠭᠡᠢ ᠤᠳᠠᠭᠠᠨ ᠬᠢᠬᠦ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ ᠳᠤ

ᠰᠢᠯᠲᠠᠭᠠᠨ ᠡᠷᠢᠬᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ

ᠬᠡᠶᠢᠰᠪᠦᠷᠢ︾ ᠵᠢᠴᠢ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠵᠡᠷᠭᠡ ᠲᠤᠪᠤᠶᠢᠮ᠎ᠠ ᠠᠰᠠᠭᠤᠳᠠᠯ ᠢ

ᠬᠦᠴᠦᠯᠡᠨ ᠰᠢᠢᠳᠪᠦᠷᠢᠯᠡᠨ᠎ᠡ᠃

    ᠲᠠᠪᠤᠳᠤᠭᠠᠷ ᠲᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠳᠤ

ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ

ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠬᠤ ᠶᠢ ᠬᠦᠴᠦᠯᠡᠨ ᠠᠬᠢᠭᠤᠯᠤᠨ᠎ᠠ᠃ ᠰᠢᠨ᠎ᠡ ᠪᠠᠷ

ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠰᠤᠷᠤᠯᠴᠠᠨ ᠲᠤᠭᠤᠰᠢᠯᠠᠭᠤᠯᠬᠤ ᠪᠠᠷ

ᠠᠵᠠ ᠲᠣᠬᠢᠶᠠᠯ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ

ᠬᠥᠮᠦᠵᠢᠯ ᠢ ᠴᠢᠩᠭᠠᠳᠬᠠᠬᠤ ᠶᠢ ᠰᠢᠮᠳᠠᠭᠤᠯᠵᠤ᠂ ᠨᠠᠮ ᠤᠨ ᠭᠡᠰᠢᠭᠦᠨ ᠺᠠᠳ᠋ᠷ ᠤᠨ ᠲᠦᠷᠢᠮ ᠲᠣᠭᠲᠠᠭᠠᠯ ᠢ ᠵᠢᠷᠤᠮᠯᠠᠨ

ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠤᠨ᠎ᠠ᠃ ︽ᠳᠥᠷᠪᠡᠨ ᠵᠦᠢᠯ ᠤᠨ

ᠬᠡᠯᠪᠡᠷᠢ ᠪᠠᠶᠢᠳᠠᠯ︾ ᠢ ᠣᠨᠣᠪᠴᠢᠲᠠᠶ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠵᠤ ᠰᠠᠬᠢᠯᠭ᠎ᠠ ᠪᠠᠲᠤ ᠶᠢ

ᠴᠢᠩᠭ᠎ᠠ ᠬᠡᠷᠡᠭᠵᠢᠭᠦᠯᠵᠦ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ

ᠲᠣᠭᠲᠠᠴᠠ ᠶᠢ ᠲᠡᠭᠦᠯᠳᠡᠷᠵᠢᠭᠦᠯᠵᠦ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ

ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠭᠡᠨ᠎ᠡ᠃

    ᠵᠢᠷᠭᠤᠳᠤᠭᠠᠷ ᠲᠤ᠂ ᠠᠰᠠᠭᠤᠳᠠᠯ ᠢ ᠢᠯᠡᠷᠡᠭᠦᠯᠦᠨ ᠵᠠᠰᠠᠯᠲᠠ ᠶᠢ ᠠᠬᠢᠭᠤᠯᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠴᠠᠭᠳᠠᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠬᠦᠴᠦᠯᠡᠨ

ᠪᠠᠳᠠᠷᠠᠭᠤᠯᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂

ᠪᠦᠬᠦ ᠵᠢᠯ ᠤᠨ ᠴᠠᠭᠳᠠᠨ ᠪᠠᠶᠢᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠴᠠᠭᠳᠠᠨ

ᠪᠠᠶᠢᠴᠠᠭᠠᠬᠤ ᠶᠢ ᠪᠦᠬᠦᠨ ᠢ ᠪᠦᠷᠬᠦᠭᠦᠯᠬᠦ ᠶᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃

ᠴᠠᠭᠳᠠᠨ ᠪᠠᠶᠢᠴᠠᠭᠠᠬᠤ ᠠᠵᠢᠯ ᠤᠨ ᠪᠦᠲᠦᠴᠡ ᠶᠢ ᠲᠡᠭᠦᠯᠳᠡᠷᠵᠢᠭᠦᠯᠵᠦ᠂ ᠬᠤᠲᠠ ᠰᠢᠶᠠᠨ ᠤ ᠴᠠᠭᠳᠠᠨ ᠪᠠᠶᠢᠴᠠᠭᠠᠬᠤ

ᠠᠵᠢᠯ ᠢ ᠦᠨᠳᠦᠰᠦᠨ ᠱᠠᠲᠤ ᠲᠡᠶᠢᠰᠢ‌ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠴᠠᠭᠳᠠᠨ ᠪᠠᠶᠢᠴᠠᠭᠠᠬᠤ

ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠴᠠᠭᠳᠠᠨ ᠪᠠᠶᠢᠴᠠᠭᠠᠬᠤ ᠠᠵᠢᠯ ᠤᠨ ᠳᠦᠷᠢᠮᠵᠢᠯᠲᠡ

ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

   ᠳᠣᠯᠣᠳᠤᠭᠠᠷ ᠲᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠡᠭᠴᠡᠯᠡᠨ

ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ

ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠬᠦᠴᠦᠯᠡᠨ ᠨᠡᠮᠡᠭᠳᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ

ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂

ᠤᠯᠠᠨ ᠲᠦᠮᠡᠨ ᠤ ᠢᠯᠡᠴᠢᠯᠡᠨ ᠵᠠᠭᠠᠯᠳᠤᠯᠭ᠎ᠠ ᠶᠢᠨ ︽ᠦᠯᠡᠳᠡᠭᠳᠡᠯ ᠢ ᠪᠦᠬᠦᠨ ᠢ ᠰᠢᠢᠳᠪᠦᠷᠢᠯᠡᠬᠦ᠂ ᠨᠡᠮᠡᠭᠳᠡᠯ ᠢ ᠳᠠᠷᠤᠢ

ᠲᠦᠷᠭᠡᠨ ᠠᠷᠢᠯᠭᠠᠬᠤ︾ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ

ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠳᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ

ᠬᠦᠴᠢᠷ ᠲᠦᠪᠡᠭᠳᠡᠢ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂

ᠬᠠᠮᠤᠭ ᠤᠨ ᠢᠯᠡ ᠲᠣᠳᠣ ᠣᠪᠣᠷ ᠢᠶᠠᠷ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠵᠠᠯᠬᠠᠭᠠᠨ

ᠰᠢᠢᠳᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠠ

ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ᠬᠠᠷ᠎ᠠ ᠪᠦᠯᠦᠭᠲᠡᠨ

ᠬᠠᠷᠭᠢᠰ ᠬᠦᠴᠦᠨ ᠢ ᠠᠷᠢᠯᠭᠠᠬᠤ ︽ᠬᠠᠮᠠᠭᠠᠯᠠᠭᠴᠢ ᠰᠢᠬᠦᠷ ᠬᠠᠷᠢᠴᠠᠭᠠᠨ ᠤ ᠲᠣᠣᠷ ᠢ ᠡᠪᠳᠡᠬᠦ︾ ᠶᠢ

ᠪᠠᠶᠢᠩᠭᠤᠵᠢᠭᠤᠯᠬᠤ ᠲᠤᠭᠳᠠᠴᠠᠵᠢᠭᠤᠯᠬᠤ ᠶᠢ ᠠᠬᠢᠭᠤᠯᠣᠨ᠎ᠠ᠃

    ᠨᠠᠢᠮᠠᠳᠤᠭᠠᠷ ᠲᠤ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ

ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ

ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠤᠨ᠎ᠠ᠃

ᠤᠯᠤᠰ ᠲᠦᠷᠦ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠦᠵᠡᠯ ᠰᠠᠨᠠᠭ᠎ᠠ᠂ ᠰᠤᠷᠲᠠᠯ᠂

ᠠᠷᠢᠭᠤᠨ ᠴᠢᠬᠡᠴᠢ᠂ ᠴᠢᠩᠭ᠎ᠠ ᠬᠠᠮᠢᠶᠠᠷᠤᠯᠲᠠ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ

ᠬᠢᠵᠦ᠂ ᠨᠠᠮ ᠤᠨ ᠵᠢᠯᠤᠭᠤᠳᠤᠯᠭ᠎ᠠ ᠶᠢ ᠳᠠᠭᠠᠵᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂

ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠠᠷᠢᠭᠤᠨ ᠴᠡᠪᠡᠷ

ᠪᠠᠶᠢᠬᠤ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠦᠯᠢᠭᠡᠷ

ᠳᠠᠭᠤᠷᠢᠶᠠᠯ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠬᠡᠪ ᠲᠠᠭᠤᠷᠢᠶᠠᠯ ᠪᠣᠯᠣᠨ᠎ᠠ᠃

ᠴᠢᠳᠠᠪᠤᠷᠢ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ

ᠪᠠᠶᠢᠴᠠᠭᠠᠬᠤ ᠠᠵᠢᠯ ᠤᠨ ᠳᠦᠷᠢᠮᠵᠢᠭᠰᠡᠨ ᠬᠠᠤᠯᠢᠵᠢᠭᠰᠠᠨ ᠵᠢᠩᠬᠢᠨᠢᠴᠢᠯᠡᠭᠰᠡᠨ ᠪᠠᠶᠢᠭᠤᠯᠤᠯᠲᠠ ᠶᠢ ᠦᠷᠭᠦᠯᠵᠢᠯᠡᠨ

ᠴᠢᠩᠭᠠᠳᠬᠠᠨ᠎ᠠ᠃ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠦᠭᠦᠳᠡ ᠶᠢ

ᠲᠦᠢᠳᠦᠭᠴᠢ ᠶᠢ ᠪᠠᠶᠢᠩᠭᠤᠵᠢᠭᠤᠯᠤᠨ ᠠᠷᠢᠯᠭᠠᠵᠤ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ

ᠪᠠᠶᠢᠬᠤ︾ ᠶᠢ ᠡᠷᠡᠰ ᠰᠡᠷᠭᠡᠶᠢᠯᠡᠨ ᠵᠠᠰᠠᠨ᠎ᠠ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠤᠶᠠᠯᠳᠤᠭᠤᠯᠬᠤ ᠶᠢ

ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠰᠠᠬᠢᠯᠭ᠎ᠠ

ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃

    ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ

ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ

ᠭᠦᠢᠴᠡᠳᠬᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ

ᠴᠢᠷᠮᠠᠶᠢᠯᠭ᠎ᠠ ᠭᠠᠷᠭᠠᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠦᠬᠦ ᠬᠤᠳᠠ ᠶᠢᠨ

ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ

ᠬᠦᠴᠦᠨ ᠴᠢᠳᠠᠯ ᠢᠶᠠᠨ ᠡᠷᠭᠦᠰᠦᠭᠡᠢ ᠭᠡᠵᠦ ᠤᠷᠢᠶᠠᠯᠠᠪᠠ᠃

              ᠤᠷᠴᠢᠭᠤᠯᠤᠭᠴᠢ᠄ ᠬᠦᠰᠡᠯ

              ᠬᠢᠨᠠᠭᠴᠢ᠄ ᠠᠷᠢᠭᠤᠨ

 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2