ᠤᠯᠠᠭᠠᠨᠴᠠᠪ ᠤᠨ ︽ᠡᠪᠦᠯ︾ ᠤᠨ ᠰᠥᠨᠢ ᠶᠢᠨ ᠵᠡᠭᠡᠯᠢ ᠦᠪᠡᠳᠡᠭᠰᠢ ᠶᠡᠭᠡ ᠪᠠᠷ ᠨᠡᠭᠡᠭᠡᠭᠳᠡᠪᠡ
ᠨᠡᠶᠢᠲᠡᠯᠡᠭᠰᠡᠨ ᠴᠠᠭ᠄
2024/2/6
    ᠬᠥᠬᠡᠭᠡ ᠡᠪᠦᠯ ᠤᠨ ᠤᠯᠠᠷᠢᠯ ᠳᠤ᠂ ᠪᠠᠶᠠᠷ ᠪᠠᠶᠠᠰᠤᠯ ᠳᠠᠬᠢᠨ ᠡᠬᠢᠯᠡᠯ᠎ᠡ᠃ 1 ᠰᠠᠷ᠎ᠠ ᠶᠢᠨ 26 ᠤ ᠡᠳᠦᠷ᠂  ᠦᠳᠡᠰᠢ ᠶᠢᠨ ᠪᠦᠷᠦᠢ ᠪᠣᠯᠵᠤ᠂ ᠥᠩᠭᠡᠲᠦ ᠳ᠋ᠧᠩ ᠤᠨ ᠬᠡᠷᠡᠯ ᠳᠤ ᠤᠯᠠᠭᠠᠨᠴᠠᠪ ᠤᠨ ︽ᠡᠪᠦᠯ︾ ᠤᠨ ᠰᠥᠨᠢ ᠶᠢᠨ  ᠵᠡᠭᠡᠯᠢ ᠦᠪᠡᠳᠡᠭᠰᠢ ᠶᠡᠭᠡ ᠪᠠᠷ ᠨᠡᠭᠡᠭᠡᠭᠳᠡᠪᠡ᠃ ᠠᠩᠬᠢᠯᠤᠮ᠎ᠠ ᠦᠨᠦᠷ ᠬᠠᠩᠬᠤᠯᠤᠭᠰᠠᠨ ᠮᠠᠩᠵᠠᠨ ᠲᠣᠭᠤᠭᠠᠨ ᠤ  ᠪᠤᠳᠠᠭ᠎ᠠ᠂ ᠳᠦᠷᠡᠯᠵᠡᠨ ᠨᠣᠴᠣᠵᠤ ᠪᠠᠶᠢᠭ᠎ᠠ ᠲᠦᠳᠡᠭ ᠭᠠᠯ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ᠂ ᠥᠩᠭᠡ ᠦᠨᠦᠷ ᠬᠠᠩᠬᠤᠯᠤᠭᠰᠠᠨ ᠠᠮᠲᠠᠲᠤ ᠢᠳᠡᠭᠡᠨ ᠁ ᠳᠥᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠪᠣᠯᠣᠨ ᠲᠤᠰ ᠭᠠᠵᠠᠷ ᠤᠨ ᠰᠠᠭᠤᠭᠠᠯᠢ ᠠᠷᠠᠳ ᠵᠡᠭᠡᠯᠢ ᠭᠤᠳᠤᠮᠵᠢ ᠳᠤ ᠬᠦᠷᠦᠯᠴᠡᠨ ᠢᠷᠡᠵᠦ᠂ ᠤᠯᠠᠭᠠᠨᠴᠠᠪ ᠤᠨ ᠭᠠᠯ ᠬᠠᠯᠠᠭᠤᠨ ᠰᠥᠨᠢ ᠶᠢᠨ ᠠᠵᠤ ᠠᠬᠤᠢ ᠶᠢ ᠬᠦᠭᠵᠢᠭᠡᠵᠦ ᠪᠠᠶᠢᠯ᠎ᠠ᠃  
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2