ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ | ︵2024 ᠣᠨ ᠤ 1 ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ | | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠳᠤᠤᠷᠠᠬᠢ ᠰᠢᠢᠳᠪᠦᠷᠢ ᠭᠠᠷᠭᠠᠪᠠ᠄ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠢ 2024 ᠣᠨ ᠤ 1 ᠰᠠᠷ᠎ᠠ ᠶᠢᠨ 18 ᠤ ᠡᠳᠦᠷ ᠵᠢᠨᠢᠩ ᠳᠤ ᠬᠤᠷᠠᠯᠳᠤᠭᠤᠯᠤᠨ᠎ᠠ᠂ | ᠬᠤᠷᠠᠯ ᠤᠨ ᠴᠠᠭ ᠨᠢ ᠣᠨᠴᠠᠭᠠᠶ ᠪᠠᠶᠢᠳᠠᠯ ᠲᠣᠬᠢᠶᠠᠯᠳᠤᠪᠠᠯ᠂ ᠡᠷᠬᠢᠯᠡᠭᠴᠢ ᠶᠢᠨ ᠬᠤᠷᠠᠯ ᠳᠤ ᠡᠷᠬᠡ ᠣᠯᠭᠤᠵᠤ | ᠲᠣᠭᠲᠠᠭᠠᠯᠭᠠᠬᠤ ᠶᠢᠨ ᠬᠠᠮᠲᠤ ᠨᠡᠶᠢᠲᠡᠯᠡᠨ᠎ᠡ᠃ ᠬᠤᠷᠠᠯ ᠤᠨ ᠰᠠᠨᠠᠭᠤᠯᠭ᠎ᠠ ᠶᠢᠨ ᠵᠥᠪᠯᠡᠬᠦ ᠵᠦᠢᠯ᠄ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠴᠢ ᠹᠧᠢ ᠶᠦᠨ ᠤ ᠤᠯᠠᠭᠠᠨᠴᠠᠪ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠨ᠎ᠡ︔ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠭᠠᠨᠴᠠᠪ ᠬᠤᠳᠠ ᠶᠢᠨ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠲᠤᠬᠠᠢ | ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ | ᠣᠷᠳᠣᠨ ᠤ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠱᠢ ᠯᠢᠶᠠᠩ ᠤᠨ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠤᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ | ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠠᠷᠤᠭ᠎ᠠ ᠯᠦ ᠭᠦᠸᠧ ᠸᠧᠨ ᠤ ᠤᠯᠠᠭᠠᠨᠴᠠᠪ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ | ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠬᠤᠲᠠ ᠶᠢᠨ ᠠᠷᠠᠳ ᠤᠨ ᠪᠠᠶᠢᠴᠠᠭᠠᠬᠤ | ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠭᠦᠸᠧ ᠸᠧᠨ ᠰᠢᠦ ᠶᠢᠨ ᠬᠢᠭᠰᠡᠨ ᠤᠯᠠᠭᠠᠨᠴᠠᠪ ᠬᠤᠳᠠ ᠶᠢᠨ | ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ | | | ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ | ︵2024 ᠣᠨ ᠤ 1ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ | ᠲᠤᠰᠢᠶᠠᠯ ᠠᠴᠠ ᠪᠠᠭᠤᠯᠭᠠᠬᠤ ᠨᠢ᠄ | ᠰᠦᠬᠡ ᠶᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠦᠨᠳᠦᠰᠦᠲᠡᠨ ᠤ ᠬᠠᠷᠢᠶᠠᠲᠤ ᠨᠠᠷ ᠤᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠺᠤᠮᠢᠰ ᠤᠨ | ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠨ᠎ᠠ᠃ | ᠵᠢᠩ ᠮᠣᠣ ᠱᠧᠩ ᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠨ᠎ᠠ᠃ | ᠲᠤᠰᠢᠶᠠᠯ ᠳᠤ ᠲᠣᠮᠢᠯᠠᠬᠤ ᠨᠢ᠄ | ᠨᠢᠦ ᠽᠢ ᠶᠣᠣ ᠶᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠦᠨᠳᠦᠰᠦᠲᠡᠨ ᠬᠠᠷᠢᠶᠠᠲᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠡᠳ᠋ | ᠡᠷᠬᠢᠯᠡᠭᠴᠢ ᠪᠠᠷ ᠲᠤᠮᠢᠯᠠᠨ᠎ᠠ᠃ | ᠲᠢᠶᠠᠨ ᡁᠢ ᠰᠢᠶᠦ᠋ᠩ ᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠦᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠲᠤᠮᠢᠯᠠᠨ᠎ᠠ᠃ | | | ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠤᠰᠢᠶᠠᠯ ᠳᠤ ᠲᠤᠮᠢᠯᠠᠬᠤ ᠨᠡᠷᠡᠰ | ︵2024 ᠣᠨ ᠤ 1 ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ | ᠲᠤᠰᠢᠶᠠᠯ ᠳᠤ ᠲᠣᠮᠢᠯᠠᠬᠤ ᠨᠢ᠄ | ᠸᠠᠩ ᠵᠧᠨ ᠬᠠᠢ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠪᠠᠷ ᠲᠤᠮᠢᠯᠠᠨ᠎ᠠ᠃ | ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ | ︵2024 ᠣᠨ ᠤ 1 ᠰᠠᠷ᠎ᠠ ᠶᠢᠨ 12 ᠤᠨ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ | ᠲᠤᠰᠢᠶᠠᠯ ᠠᠴᠠ ᠪᠠᠭᠤᠯᠭᠠᠬᠤ ᠨᠢ᠄ | ᠷᠦᠩ ᠬᠦᠸᠧ ᠬᠤᠸᠠ ᠶᠢ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ | ᠰᠢᠭᠦᠭᠴᠢ ᠶᠢᠨ ᠲᠤᠰᠢᠶᠠᠯ ᠠᠴᠠ ᠪᠠᠭᠤᠯᠭᠠᠨ᠎ᠠ᠃ | ᠲᠤᠰᠢᠶᠠᠯ ᠳᠤ ᠲᠣᠮᠢᠯᠠᠬᠤ ᠨᠢ᠄ | ᠯᠦ ᡁᠢ ᠸᠧᠢ ᠶᠢ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ | ᠪᠠᠷ ᠲᠤᠮᠢᠯᠠᠨ᠎ᠠ᠃ | | | ᠼᠤᠤ ᡁᠢ ᠶᠢᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ | ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠲᠤᠬᠠᠢ ᠰᠢᠢᠳᠪᠦᠷᠢ | ︵2024 ᠣᠨ ᠤ 1 ᠰᠠᠷ᠎ᠠ ᠶᠢᠨ 12 ᠤᠨ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠠᠵᠢᠯ ᠤᠨ | ᠠᠷᠭ᠎ᠠ︾ ᠶᠢᠨ ᠲᠣᠭᠲᠠᠭᠠᠯ ᠪᠣᠯᠣᠨ ᠲᠣᠰ ᠬᠥᠮᠥᠨ ᠤ ᠠᠵᠢᠯ ᠤᠨ ᠲᠣᠬᠢᠷᠠᠭᠤᠯᠤᠯᠲᠠ ᠠᠴᠠ ᠳᠤᠷᠠᠳᠤᠭᠰᠠᠨ | ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠨᠢ᠄ ᠼᠤᠤ ᡁᠢ ᠶᠢᠨ ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ | ᠠᠪᠬᠤ ᠪᠥᠭᠡᠳ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠮᠡᠳᠡᠭᠦᠯᠵᠦ ᠳᠠᠩᠰᠠᠯᠠᠭᠤᠯᠤᠨ᠎ᠠ᠃ | | | ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠯᠪᠠᠨ ᠵᠠᠷ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠼᠤᠤ ᡁᠢ᠂ ᠵᠣᠣ ᠭᠦᠸᠧ ᠬᠤᠸᠠ᠂ ᠰᠢᠩ ᠱᠢ ᠬᠠᠢ᠂ ᠵᠣᠣ ᠵᠢᠶᠠᠨ᠂ ᠵᠠᠩ ᠷᠦᠢ ᠫᠢᠩ᠂ ᠵᠢᠶᠠ ᠰᠢᠨ | ᠮᠢᠨ ᠤᠯᠠᠭᠠᠨᠴᠠᠪ ᠬᠤᠲᠠ ᠠᠴᠠ ᠰᠢᠯᠵᠢᠨ ᠶᠠᠪᠤᠪᠠ᠃ ᠲᠥᠯᠥᠭᠡᠯᠡᠭᠴᠢ ᠶᠢᠨ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠳᠡᠭᠡᠷᠡᠬᠢ 6 ᠨᠥᠬᠦᠳ ᠤᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠪᠠ᠃ | ᠰᠣᠩᠭᠤᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠩ ᠷᠦᠢ ᠫᠢᠩ ᠤᠨ ᠤᠯᠠᠭᠠᠨᠴᠠᠪ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ | ᠲᠤᠰᠢᠶᠠᠯ ᠳᠠᠭᠤᠰᠪᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ | ᠭᠤᠤ ᠮᠢᠩ ᠿᠦ᠂ ᠾᠧᠦ ᠰᠢᠶᠣᠣ ᠯᠢ᠂ ᠱᠢ ᠹᠦ᠋ ᠮᠧᠩ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠭᠤᠯᠭᠠᠬᠤ ᠪᠠᠷ | ᠲᠣᠭᠲᠠᠪᠠ᠃ ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠠᠴᠠ ᠵᠠᠩ ᠷᠧᠨ ᠵᠢᠶᠧ ᠶᠢᠨ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠪᠠᠷ ᠲᠣᠭᠲᠠᠪᠠ᠃ ᠲᠥᠯᠥᠭᠡᠯᠡᠭᠴᠢᠳ ᠤᠨ | ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠤᠤ ᠮᠢᠩ ᠿᠦ᠂ ᠾᠧᠦ ᠰᠢᠶᠣᠣ ᠯᠢ᠂ ᠱᠢ ᠹᠦ᠋ ᠮᠧᠩ᠂ | ᠵᠠᠩ ᠷᠧᠨ ᠵᠢᠶᠧ ᠶᠢᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠪᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ | ᠭᠦᠸᠧ ᠸᠧᠨ ᠰᠢᠦ ᠶᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠵᠠᠩ ᠰᠢᠤ ᠴᠢᠩ᠂ ᠭᠦᠸᠧ ᠴᠧᠨ ᠾᠦᠢ᠂ ᠴᠠᠩ ᠯᠢ ᠶᠦᠨ ᠢ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠠᠷ ᠨᠥᠬᠦᠨ ᠰᠣᠩᠭᠤᠪᠠ᠃ ᠵᠦᠸᠧᠽᠢ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ | ᠬᠤᠷᠠᠯᠳᠤᠭᠠᠨ ᠠᠴᠠ ᠵᠠᠩ ᠶᠢᠦ ᠴᠢᠤᠸᠠᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠱᠠᠩᠳᠤ ᠰᠢᠶᠠᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠᠨ ᠲᠠᠪᠤᠳᠤᠭᠠᠷ ᠬᠤᠷᠠᠯᠳᠤᠭᠠᠨ ᠠᠴᠠ ᠼᠤᠤ ᠶᠠᠨ ᠯᠢᠨ ᠢ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ | ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠼᠦᠢ ᠵᠣᠣ ᠹᠧᠩ᠂ ᠵᠠᠩ ᠭᠤᠸᠠᠩ ᠮᠢᠩ᠂ ᠸᠠᠩ | ᠬᠠᠢ ᠯᠢ᠂ ᠼᠦᠢ ᠵᠧᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠪᠠ᠃ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠭᠤᠷᠪᠠᠳᠤᠭᠠᠷ ᠬᠤᠷᠠᠯᠳᠤᠭᠠᠨ ᠨᠢ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠳᠤᠷᠠᠳᠤᠭᠰᠠᠨ ᠮᠡᠳᠡᠭᠦᠯᠦᠯᠲᠡ ᠶᠢ ᠦᠨᠳᠦᠰᠦᠯᠡᠨ᠂ ᠭᠦᠸᠧ ᠸᠧᠨ ᠰᠢᠤ᠂ ᠵᠠᠩ ᠰᠢᠤ ᠴᠢᠩ᠂ ᠭᠦᠸᠧ ᠴᠧᠨ ᠾᠦᠢ᠂ | ᠴᠠᠩ ᠯᠢ ᠶᠦᠨ᠂ ᠵᠠᠩ ᠶᠢᠦ ᠴᠢᠤᠸᠠᠨ᠂ ᠼᠤᠤ ᠶᠠᠨ ᠯᠢᠨ᠂ ᠼᠦᠢ ᠵᠣᠣ ᠹᠧᠩ᠂ ᠵᠠᠩ ᠭᠤᠸᠠᠩ ᠮᠢᠩ᠂ ᠸᠠᠩ ᠬᠠᠢ ᠯᠢ᠂ | ᠼᠦᠢ ᠵᠧᠨ ᠤ ᠲᠥᠯᠥᠭᠡᠯᠡᠭᠴᠢ ᠶᠢᠨ ᠬᠢᠷᠢ ᠬᠡᠮ ᠤᠨ ᠬᠦᠴᠦᠨ ᠲᠠᠢ ᠪᠠᠶᠢᠬᠤ ᠶᠢ ᠨᠤᠲᠠᠯᠠᠪᠠ᠃ | ᠦᠨᠦ ᠪᠣᠯᠲᠠᠯ᠎ᠠ᠂ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ 342 ᠬᠥᠮᠥᠨ ᠪᠠᠶᠢᠨ᠎ᠠ᠃ | ᠣᠨᠴᠠᠭᠠᠶᠢᠯᠠᠨ ᠵᠠᠷᠯᠠᠪᠠ | | | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | 2024 ᠤᠨ ᠤ 1 ᠰᠠᠷ᠎ᠠ ᠶᠢᠨ 12 ᠤ ᠡᠳᠦᠷ | | | | | | |