ᠤᠯᠠᠭᠠᠨᠴᠠᠪ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ
ᠨᠡᠶᠢᠲᠡᠯᠡᠭᠰᠡᠨ ᠴᠠᠭ᠄
2024/2/6
ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ    ︵2024 ᠣᠨ ᠤ 1 ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶    ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠳᠤᠤᠷᠠᠬᠢ ᠰᠢᠢᠳᠪᠦᠷᠢ ᠭᠠᠷᠭᠠᠪᠠ᠄ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ 2024 ᠣᠨ ᠤ 1 ᠰᠠᠷ᠎ᠠ ᠶᠢᠨ 18 ᠤ ᠡᠳᠦᠷ ᠵᠢᠨᠢᠩ ᠳᠤ ᠬᠤᠷᠠᠯᠳᠤᠭᠤᠯᠤᠨ᠎ᠠ᠂ ᠬᠤᠷᠠᠯ ᠤᠨ ᠴᠠᠭ ᠨᠢ ᠣᠨᠴᠠᠭᠠᠶ ᠪᠠᠶᠢᠳᠠᠯ ᠲᠣᠬᠢᠶᠠᠯᠳᠤᠪᠠᠯ᠂ ᠡᠷᠬᠢᠯᠡᠭᠴᠢ ᠶᠢᠨ ᠬᠤᠷᠠᠯ ᠳᠤ ᠡᠷᠬᠡ ᠣᠯᠭᠤᠵᠤ ᠲᠣᠭᠲᠠᠭᠠᠯᠭᠠᠬᠤ ᠶᠢᠨ ᠬᠠᠮᠲᠤ ᠨᠡᠶᠢᠲᠡᠯᠡᠨ᠎ᠡ᠃ ᠬᠤᠷᠠᠯ ᠤᠨ ᠰᠠᠨᠠᠭᠤᠯᠭ᠎ᠠ ᠶᠢᠨ ᠵᠥᠪᠯᠡᠬᠦ ᠵᠦᠢᠯ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠴᠢ ᠹᠧᠢ ᠶᠦᠨ ᠤ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠭᠠᠨᠴᠠᠪ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠲᠤᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ ᠤᠨ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠤᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠠᠷᠤᠭ᠎ᠠ ᠯᠦ ᠭᠦᠸᠧ ᠸᠧᠨ ᠤ ᠤᠯᠠᠭᠠᠨᠴᠠᠪ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠭᠦᠸᠧ ᠸᠧᠨ ᠰᠢᠦ ᠶᠢᠨ ᠬᠢᠭᠰᠡᠨ ᠤᠯᠠᠭᠠᠨᠴᠠᠪ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ    ︵2024 ᠣᠨ ᠤ 1ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ ᠲᠤᠰᠢᠶᠠᠯ ᠠᠴᠠ ᠪᠠᠭᠤᠯᠭᠠᠬᠤ ᠨᠢ᠄     ᠰᠦᠬᠡ ᠶᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠬᠠᠷᠢᠶᠠᠲᠤ ᠨᠠᠷ ᠤᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠺᠤᠮᠢᠰ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠨ᠎ᠠ᠃     ᠵᠢᠩ ᠮᠣᠣ ᠱᠧᠩ ᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠨ᠎ᠠ᠃ᠲᠤᠰᠢᠶᠠᠯ ᠳᠤ ᠲᠣᠮᠢᠯᠠᠬᠤ ᠨᠢ᠄     ᠨᠢᠦ ᠽᠢ ᠶᠣᠣ ᠶᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠬᠠᠷᠢᠶᠠᠲᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠲᠤᠮᠢᠯᠠᠨ᠎ᠠ᠃     ᠲᠢᠶᠠᠨ ᡁᠢ ᠰᠢᠶᠦ᠋ᠩ ᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠦᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠲᠤᠮᠢᠯᠠᠨ᠎ᠠ᠃ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠤᠮᠢᠯᠠᠬᠤ ᠨᠡᠷᠡᠰ    ︵2024 ᠣᠨ ᠤ 1 ᠰᠠᠷ᠎ᠠ ᠶᠢᠨ 12 ᠤ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ᠲᠤᠰᠢᠶᠠᠯ ᠳᠤ ᠲᠣᠮᠢᠯᠠᠬᠤ ᠨᠢ᠄    ᠸᠠᠩ ᠵᠧᠨ ᠬᠠᠢ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠪᠠᠷ ᠲᠤᠮᠢᠯᠠᠨ᠎ᠠ᠃ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠨᠡᠷᠡᠰ    ︵2024 ᠣᠨ ᠤ 1 ᠰᠠᠷ᠎ᠠ ᠶᠢᠨ 12 ᠤᠨ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ᠲᠤᠰᠢᠶᠠᠯ ᠠᠴᠠ ᠪᠠᠭᠤᠯᠭᠠᠬᠤ ᠨᠢ᠄    ᠷᠦᠩ ᠬᠦᠸᠧ ᠬᠤᠸᠠ ᠶᠢ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ ᠶᠢᠨ ᠲᠤᠰᠢᠶᠠᠯ ᠠᠴᠠ ᠪᠠᠭᠤᠯᠭᠠᠨ᠎ᠠ᠃ᠲᠤᠰᠢᠶᠠᠯ ᠳᠤ ᠲᠣᠮᠢᠯᠠᠬᠤ ᠨᠢ᠄    ᠯᠦ ᡁᠢ ᠸᠧᠢ ᠶᠢ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠭᠦᠭᠴᠢ  ᠪᠠᠷ ᠲᠤᠮᠢᠯᠠᠨ᠎ᠠ᠃ᠼᠤᠤ ᡁᠢ ᠶᠢᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠲᠤᠬᠠᠢ ᠰᠢᠢᠳᠪᠦᠷᠢ    ︵2024 ᠣᠨ ᠤ 1 ᠰᠠᠷ᠎ᠠ ᠶᠢᠨ 12 ᠤᠨ ᠡᠳᠦᠷ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠠᠵᠢᠯ ᠤᠨ ᠠᠷᠭ᠎ᠠ︾ ᠶᠢᠨ ᠲᠣᠭᠲᠠᠭᠠᠯ ᠪᠣᠯᠣᠨ ᠲᠣᠰ ᠬᠥᠮᠥᠨ ᠤ ᠠᠵᠢᠯ ᠤᠨ ᠲᠣᠬᠢᠷᠠᠭᠤᠯᠤᠯᠲᠠ ᠠᠴᠠ ᠳᠤᠷᠠᠳᠤᠭᠰᠠᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠨᠢ᠄ ᠼᠤᠤ ᡁᠢ ᠶᠢᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠥᠭᠡᠳ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠵᠦ ᠳᠠᠩᠰᠠᠯᠠᠭᠤᠯᠤᠨ᠎ᠠ᠃ᠤᠯᠠᠭᠠᠨᠴᠠᠪ ᠬᠤᠲᠠ ᠶᠢᠨ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ    ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠼᠤᠤ ᡁᠢ᠂ ᠵᠣᠣ ᠭᠦᠸᠧ ᠬᠤᠸᠠ᠂ ᠰᠢᠩ ᠱᠢ ᠬᠠᠢ᠂ ᠵᠣᠣ ᠵᠢᠶᠠᠨ᠂ ᠵᠠᠩ ᠷᠦᠢ ᠫᠢᠩ᠂ ᠵᠢᠶᠠ ᠰᠢᠨ ᠮᠢᠨ ᠤᠯᠠᠭᠠᠨᠴᠠᠪ ᠬᠤᠲᠠ ᠠᠴᠠ ᠰᠢᠯᠵᠢᠨ ᠶᠠᠪᠤᠪᠠ᠃ ᠲᠥᠯᠥᠭᠡᠯᠡᠭᠴᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠡᠭᠡᠷᠡᠬᠢ 6 ᠨᠥᠬᠦᠳ ᠤᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠪᠠ᠃ ᠰᠣᠩᠭᠤᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠩ ᠷᠦᠢ ᠫᠢᠩ ᠤᠨ ᠤᠯᠠᠭᠠᠨᠴᠠᠪ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠲᠤᠰᠢᠶᠠᠯ ᠳᠠᠭᠤᠰᠪᠠ᠃     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠭᠤᠤ ᠮᠢᠩ ᠿᠦ᠂ ᠾᠧᠦ ᠰᠢᠶᠣᠣ ᠯᠢ᠂ ᠱᠢ ᠹᠦ᠋ ᠮᠧᠩ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠭᠤᠯᠭᠠᠬᠤ ᠪᠠᠷ ᠲᠣᠭᠲᠠᠪᠠ᠃ ᠳᠥᠷᠪᠡᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠠᠴᠠ ᠵᠠᠩ ᠷᠧᠨ ᠵᠢᠶᠧ ᠶᠢᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠪᠠᠷ ᠲᠣᠭᠲᠠᠪᠠ᠃ ᠲᠥᠯᠥᠭᠡᠯᠡᠭᠴᠢᠳ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠤᠤ ᠮᠢᠩ ᠿᠦ᠂ ᠾᠧᠦ ᠰᠢᠶᠣᠣ ᠯᠢ᠂ ᠱᠢ ᠹᠦ᠋ ᠮᠧᠩ᠂ ᠵᠠᠩ ᠷᠧᠨ ᠵᠢᠶᠧ ᠶᠢᠨ ᠲᠥᠯᠥᠭᠡᠯᠡᠭᠴᠢ ᠶᠢᠨ ᠬᠢᠷᠢ ᠬᠡᠮ ᠢ ᠳᠠᠭᠤᠰᠬᠠᠪᠠ᠃     ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠭᠦᠸᠧ ᠸᠧᠨ ᠰᠢᠦ ᠶᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠵᠠᠩ ᠰᠢᠤ ᠴᠢᠩ᠂ ᠭᠦᠸᠧ ᠴᠧᠨ ᠾᠦᠢ᠂ ᠴᠠᠩ ᠯᠢ ᠶᠦᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠵᠦᠸᠧᠽᠢ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠠᠴᠠ ᠵᠠᠩ ᠶᠢᠦ ᠴᠢᠤᠸᠠᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠠᠴᠠ ᠼᠤᠤ ᠶᠠᠨ ᠯᠢᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠼᠦᠢ ᠵᠣᠣ ᠹᠧᠩ᠂ ᠵᠠᠩ ᠭᠤᠸᠠᠩ ᠮᠢᠩ᠂ ᠸᠠᠩ ᠬᠠᠢ ᠯᠢ᠂ ᠼᠦᠢ ᠵᠧᠨ ᠢ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠪᠠ᠃ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠨᠢ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠤᠷᠠᠳᠤᠭᠰᠠᠨ ᠮᠡᠳᠡᠭᠦᠯᠦᠯᠲᠡ ᠶᠢ ᠦᠨᠳᠦᠰᠦᠯᠡᠨ᠂ ᠭᠦᠸᠧ ᠸᠧᠨ ᠰᠢᠤ᠂ ᠵᠠᠩ ᠰᠢᠤ ᠴᠢᠩ᠂ ᠭᠦᠸᠧ ᠴᠧᠨ ᠾᠦᠢ᠂ ᠴᠠᠩ ᠯᠢ ᠶᠦᠨ᠂ ᠵᠠᠩ ᠶᠢᠦ ᠴᠢᠤᠸᠠᠨ᠂ ᠼᠤᠤ ᠶᠠᠨ ᠯᠢᠨ᠂ ᠼᠦᠢ ᠵᠣᠣ ᠹᠧᠩ᠂ ᠵᠠᠩ ᠭᠤᠸᠠᠩ ᠮᠢᠩ᠂ ᠸᠠᠩ ᠬᠠᠢ ᠯᠢ᠂ ᠼᠦᠢ ᠵᠧᠨ ᠤ ᠲᠥᠯᠥᠭᠡᠯᠡᠭᠴᠢ ᠶᠢᠨ ᠬᠢᠷᠢ ᠬᠡᠮ ᠤᠨ ᠬᠦᠴᠦᠨ ᠲᠠᠢ ᠪᠠᠶᠢᠬᠤ ᠶᠢ ᠨᠤᠲᠠᠯᠠᠪᠠ᠃     ᠦᠨᠦ ᠪᠣᠯᠲᠠᠯ᠎ᠠ᠂ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 342 ᠬᠥᠮᠥᠨ ᠪᠠᠶᠢᠨ᠎ᠠ᠃     ᠣᠨᠴᠠᠭᠠᠶᠢᠯᠠᠨ ᠵᠠᠷᠯᠠᠪᠠ                ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                                2024 ᠤᠨ ᠤ 1 ᠰᠠᠷ᠎ᠠ ᠶᠢᠨ 12 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2