ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2024 ᠣᠨ ᠤ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/2/6
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠳᠤ 16 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 120.14 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠨᠢᠭᠡᠳᠦᠭᠡᠷ ᠤᠯᠠᠷᠢᠯ ᠳᠤ 14 ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠵᠢᠱᠢᠵᠦ ᠪᠣᠶ᠃ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠬᠤᠪᠢᠶᠠᠷᠢᠯᠠᠪᠠᠯ᠄ ᠰᠢᠨ᠎ᠡ ᠪᠠᠷ ᠪᠠᠶᠢᠭᠤᠯᠬᠤ ᠲᠥᠷᠥᠯ ᠵᠦᠢᠯ 9᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 7᠂ ᠨᠢᠭᠡᠳᠦᠭᠡᠷ ᠤᠯᠠᠷᠢᠯ ᠳᠤ ᠵᠢᠱᠢᠯᠲᠡ ᠪᠠᠷ 7 ᠲᠥᠷᠥᠯ ᠵᠦᠢᠯ ᠢ ᠠᠵᠢᠯ ᠡᠬᠢᠯᠡᠭᠦᠯᠵᠦ᠂ 0.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠢᠶᠠᠷ ᠨᠢ ᠬᠤᠪᠢᠶᠠᠷᠢᠯᠠᠪᠠᠯ᠄ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 4᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 12᠂ ᠨᠢᠭᠡᠳᠦᠭᠡᠷ ᠤᠯᠠᠷᠢᠯ ᠳᠤ ᠠᠵᠢᠯ ᠡᠬᠢᠯᠡᠭᠦᠯᠬᠦ ᠲᠥᠷᠥᠯ ᠵᠦᠢᠯ 10 ᠪᠠᠶᠢᠵᠤ᠂ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠠᠵᠤ ᠦᠢᠯᠡᠰ ᠤᠨ ᠲᠥᠷᠥᠯ ᠢᠯᠭᠠᠯ ᠢᠶᠠᠷ ᠬᠤᠪᠢᠶᠠᠷᠢᠯᠠᠪᠠᠯ᠄ ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ 2᠂ ᠪᠦᠬᠦᠨ ᠢᠶᠠᠷ ᠢᠶᠠᠨ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠪᠣᠯᠤᠨ᠎ᠠ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ 10᠂ ᠡᠭᠦᠨ ᠳᠤ ᠡᠨᠧᠷᠭᠢ ᠶᠢᠨ ᠲᠥᠷᠥᠯ ᠵᠦᠢᠯ 4᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ 5᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ 1︔ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ 4 ᠪᠠᠶᠢᠵᠤ᠂ ᠡᠭᠦᠨ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 3᠂ ᠡᠷᠡᠭᠦᠯ ᠬᠠᠮᠠᠭᠠᠯᠠᠯ ᠡᠷᠡᠭᠦᠯ ᠮᠡᠨᠳᠦ ᠨᠡᠶᠢᠭᠡᠮ ᠤᠨ ᠦᠢᠯᠡᠰ ᠤᠨ ᠲᠥᠷᠥᠯ ᠵᠦᠢᠯ 1 ᠪᠣᠶ᠃ 1 ᠰᠠᠷ᠎ᠠ ᠶᠢᠨ ᠰᠡᠭᠦᠯᠴᠢ ᠪᠣᠯᠲᠠᠯ᠎ᠠ᠂ 9 ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠳᠣᠲᠣᠷ᠎ᠠ᠂ 8 ᠲᠥᠷᠥᠯ ᠵᠦᠢᠯ ᠤᠨ ᠭᠠᠷᠳᠠᠮ ᠢ ᠪᠦᠬᠦᠨ ᠢ  ᠬᠦᠢᠴᠡᠳᠭᠡᠵᠦ᠂  ᠭᠦᠢᠴᠡᠳᠭᠡᠵᠤ ᠳᠠᠭᠤᠰᠬᠠᠭᠰᠠᠨ ᠨᠣᠷᠮ᠎ᠠ ᠨᠢ 88.9% ᠬᠦᠷᠴᠡᠶ᠃                  ᠣᠷᠴᠢᠭᠤᠯᠤᠭᠴᠢ᠄  ᠢᠷᠭᠤᠢ                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2