ᠰᠦᠢ ᠸᠧᠢ ᠵᠢᠶᠦ᠋ᠨ ᠠᠶᠤᠯᠭᠦᠢ ᠦᠢᠯᠡᠳᠪᠦᠷᠢᠯᠡᠯ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠠᠵᠢᠯ ᠢ ᠪᠠᠶᠢᠴᠠᠭᠠᠨ ᠰᠤᠳᠣᠯᠪᠠ
ᠨᠡᠶᠢᠲᠡᠯᠡᠭᠰᠡᠨ ᠴᠠᠭ᠄
2024/2/7
    2 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠢᠨᠢᠩ ᠲᠣᠭᠤᠷᠢᠭ ᠪᠣᠯᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠠᠶᠤᠯᠭᠦᠶ ᠦᠢᠯᠡᠳᠪᠦᠷᠢᠯᠡᠯ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠲᠤ᠂ ᠰᠦᠶ ᠸᠧᠶ ᠵᠢᠶᠦ᠋ᠨ ᠬᠤᠸᠠᠷ ᠫᠤᠤᠵᠢᠩ ᠤᠨ ᠦᠨ᠎ᠡ ᠬᠠᠩᠰᠢ᠂ ᠪᠣᠷᠣᠯᠠᠭᠤᠯᠭ᠎ᠠ ᠶᠢᠨ ᠬᠡᠮᠵᠢᠶ᠎ᠡ ᠪᠣᠯᠤᠨ ᠪᠠᠷᠠᠭᠠᠨ ᠤ ᠢᠷᠡᠯᠲᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠪᠠ ᠠᠮᠤᠷ ᠲᠦᠪᠰᠢᠨ ᠤ ᠵᠢᠯᠣᠭᠤᠳᠣᠯᠭ᠎ᠠ ᠪᠠᠨ ᠴᠢᠩᠭᠠᠳᠬᠠᠵᠤ᠂ ᠡᠯ᠎ᠡ ᠵᠢᠵᠢᠭᠯᠡᠨ ᠬᠤᠳᠠᠯᠳᠤᠬᠤ ᠴᠡᠭ ᠤᠨ ᠬᠤᠸᠠᠷ ᠫᠤᠤᠵᠢᠩ ᠬᠠᠳᠠᠭᠠᠯᠠᠬᠤ᠂ ᠳᠡᠯᠭᠡᠨ ᠲᠠᠯᠪᠢᠬᠤ᠂ ᠪᠣᠷᠣᠯᠠᠭᠤᠯᠬᠤ ᠵᠡᠷᠭᠡ ᠠᠵᠢᠯ ᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠡᠯ᠎ᠡ ᠭᠠᠵᠠᠷ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠬᠡᠷᠡᠭᠲᠡᠶ ᠭᠡᠵᠤ ᠬᠡᠯᠡᠪᠡ᠃     ᠤᠯᠠᠭᠠᠨᠴᠠᠪ ᠤᠨ ᠤᠲ᠋ᠧᠯᠠᠶᠢᠰ ᠲᠤ᠂ ᠰᠦᠶ ᠸᠧᠶ ᠵᠢᠶᠦ᠋ᠨ ᠶᠠᠪᠤᠬᠤ ᠶᠢᠨ ᠳᠠᠭᠠᠤ ᠰᠣᠨᠣᠰᠴᠤ᠂ ᠲᠠᠸᠠᠷ ᠤᠨ ᠨᠥᠭᠡᠴᠡ᠂ ᠪᠠᠷᠠᠭ᠎ᠠ ᠣᠷᠣᠭᠤᠯᠬᠤ ᠠᠷᠭ᠎ᠠ ᠵᠠᠮ᠂ ᠦᠨ᠎ᠡ ᠬᠠᠩᠰᠢ ᠪᠣᠯᠤᠨ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠶᠤᠯᠭᠦᠶ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠲᠡᠷᠡ᠂ ᠴᠠᠭᠠᠨ ᠰᠠᠷ᠎ᠠ ᠪᠣᠯ ᠬᠡᠷᠡᠭᠯᠡᠭᠡᠨ ᠤ ᠬᠥᠭᠵᠢᠶᠡᠨᠲᠡᠢ ᠤᠯᠠᠷᠢᠯ ᠮᠥᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠵᠤ᠂ ᠦᠢᠯᠡᠳᠬᠦᠨ ᠤ ᠶᠠᠰᠤ ᠴᠢᠨᠠᠷ ᠢ ᠴᠢᠩᠭ᠎ᠠ ᠡᠵᠡᠮᠳᠡᠵᠦ᠂ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠠᠭᠠᠨ ᠤ ᠦᠨ᠎ᠡ ᠲᠣᠭᠲᠠᠭᠤᠨ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠡᠯ᠎ᠡ ᠵᠦᠢᠯ ᠤᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠷᠠᠳ ᠤᠯᠠᠨ ᠢ ᠪᠠᠶᠠᠷ ᠬᠥᠷ ᠲᠠᠢ᠂ ᠥᠯᠵᠡᠢ ᠪᠡᠯᠭᠡ ᠲᠠᠢ ᠰᠢᠨᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠤᠯᠠᠭᠠᠨᠴᠠᠪ ᠤᠨ ᠥᠳᠡᠰᠢ ᠳᠤ᠂ ᠴᠥᠭᠡᠨ ᠪᠤᠰᠤ  ᠵᠤᠭᠠᠴᠠᠭᠰᠠᠳ ᠵᠤᠭᠠᠴᠠᠨ ᠨᠠᠭᠠᠳᠴᠤ ᠪᠠᠶᠢᠯ᠎ᠠ᠃ ᠰᠦᠢ ᠸᠧᠢ ᠵᠢᠶᠦ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠵᠤᠭᠠᠴᠠᠭᠰᠠᠳ ᠲᠠᠢ ᠭᠦᠨᠵᠡᠭᠡᠢ ᠶᠠᠷᠢᠯᠴᠠᠵᠤ᠂ ᠲᠦᠷᠦᠯ ᠵᠦᠢᠯ ᠤᠨ ᠡᠵᠡᠩᠨᠡᠯᠲᠡ᠂ ᠠᠮᠤᠷ ᠲᠦᠪᠰᠢᠨ ᠤ ᠬᠠᠮᠢᠶᠠᠷᠤᠯᠲᠠ ᠵᠢᠴᠢ ᠵᠤᠭᠠᠴᠠᠨ ᠨᠠᠭᠠᠳᠴᠤ ᠪᠠᠶᠢᠭ᠎ᠠ ᠦᠩᠭᠡᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ  ᠭᠦᠢᠴᠡᠳ ᠠᠰᠢᠭᠯᠠᠨ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠬᠥᠮᠥᠨ ᠢ ᠲᠠᠲᠠᠨ ᠠᠪᠴᠢᠷᠠᠵᠤ ᠵᠤᠭᠠᠴᠠᠨ ᠨᠠᠭᠠᠳᠤᠭᠤᠯᠤᠨ᠎ᠠ᠃ ᠡᠯ᠎ᠡ ᠵᠢᠭᠤᠯᠴᠢᠯᠠᠯ ᠤᠨ ᠦᠵᠡᠮᠵᠢ ᠶᠢᠨ ᠤᠷᠣᠨ ᠤ  ᠬᠢᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠵᠦ᠂ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠬᠢᠭᠤᠯᠬᠤ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠤᠯᠠᠭᠠᠨᠴᠠᠪ ᠪᠣᠯᠣᠨ᠎ᠠ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ ᠮᠥᠨ︾ ᠭᠡᠬᠦ ᠬᠤᠲᠠ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭ ᠢ ᠴᠢᠨᠠᠭᠰᠢᠲᠠ ᠡᠭᠦᠳᠬᠦ ᠬᠡᠷᠡᠭᠲᠡᠶ᠃ ᠤᠨᠴᠠᠯᠢᠬᠳᠤ ᠠᠵᠢᠯ ᠢ ᠬᠦᠴᠦᠷᠬᠡᠭᠵᠢᠭᠦᠯᠵᠦ᠂ ᠰᠣᠶᠣᠯ ᠵᠤᠭᠠᠴᠠᠯ ᠤᠨ ᠠᠭᠤᠰᠤᠯᠴᠠᠯ ᠢ ᠴᠢᠬᠤᠯᠠᠴᠢᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ  ᠪᠣᠢ ᠪᠣᠯᠭᠠᠬᠤ ᠪᠠ ᠭᠢᠯᠠᠷᠠᠭᠤᠯᠬᠤ ᠬᠡᠷᠡᠭᠲᠡᠢ ᠭᠡᠵᠤ ᠬᠡᠯᠡᠪᠡ᠃     ᠯᠢᠦ ᠭᠦᠸᠧ ᠭᠠᠩ᠂ ᠵᠠᠩ ᠶᠦᠩ ᠸᠧᠨ ᠣᠷᠣᠯᠴᠠᠵᠠᠢ᠃                  ᠰᠤᠷᠪᠤᠯᠵᠢᠯᠠᠭᠴᠢ᠄ ᠳ᠋ᠧᠩ ᠰᠢᠦ ᠰᠢᠦ                  ᠣᠷᠴᠢᠭᠤᠯᠤᠭᠴᠢ᠄ ᠭᠤᠸ᠎ᠠ                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2