︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 - 2030 ᠣᠨ︶︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/8
ᠨᠢᠭᠡ᠂ ᠲᠤᠭᠤᠷᠪᠢᠭᠰᠠᠨ ᠠᠬᠤᠢ ᠪᠠᠶᠢᠳᠠᠯ    2019 ᠣᠨ ᠤ 5 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯ ᠠᠴᠠ ︽ᠤᠯᠠᠭᠠᠨᠴᠠᠪ ᠬᠤᠲᠠ ᠶᠢᠨ ᠬᠦᠢᠲᠡᠨᠰᠢᠯᠢ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠢ ᠬᠢᠨᠠᠨ ᠪᠠᠲᠤᠯᠠᠵᠤ᠂ ᠳᠦᠷᠢᠮ ᠤᠨ ᠱᠠᠭᠠᠷᠳᠠᠯᠭ᠎ᠠ ᠶᠢ ᠦᠨᠳᠦᠰᠦᠯᠡᠨ ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ᠬᠦᠢᠲᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 - 2030 ᠣᠨ︶︾ ᠶᠢ ᠲᠤᠭᠤᠷᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠪᠠ᠃ᠬᠤᠶᠠᠷ᠂ ᠲᠤᠭᠤᠷᠪᠢᠨ ᠪᠢᠴᠢᠭᠰᠡᠨ ᠶᠠᠪᠤᠴᠠ    ᠳᠦᠷᠢᠮ ᠤᠨ ᠵᠣᠷᠢᠭ ᠰᠠᠨᠠᠭ᠎ᠠ ᠶᠢ ᠦᠨᠳᠦᠰᠦᠯᠡᠨ᠂ 2023 ᠣᠨ ᠤ 2 ᠰᠠᠷ᠎ᠠ ᠳᠤ᠂ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠥᠯᠦᠪᠵᠢᠭᠦᠯᠭᠡ ᠶᠢ ᠡᠬᠢᠯᠡᠨ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠠᠭᠤᠷᠢ ᠮᠠᠲ᠋ᠧᠷᠢᠶᠠᠯ ᠢ ᠰᠢᠯᠵᠢᠭᠦᠯᠦᠨ ᠠᠪᠴᠤ᠂ ︽ᠤᠯᠠᠭᠠᠨᠴᠠᠪ ᠬᠤᠲᠠ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠰᠡᠷᠭᠦᠭᠡᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠶᠡᠷᠦᠩᠬᠡᠢ ᠲᠥᠯᠦᠪᠵᠢᠭᠦᠯᠭᠡ︾ ︽ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠥᠯᠦᠪᠵᠢᠭᠦᠯᠭᠡ︾ ᠵᠡᠷᠭᠡ ᠲᠠᠢ ᠤᠶᠠᠯᠳᠤᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠬᠡᠷᠡᠭᠴᠡᠭᠡ ᠶᠣᠰᠣᠭᠠᠷ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠰᠡᠷᠭᠦᠭᠡᠨ ᠵᠠᠰᠠᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠲᠠᠯ᠎ᠠ ᠠᠴᠠ ᠭᠠᠷᠳᠠᠵᠤ᠂ ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 - 2030 ᠣᠨ︶︾ ᠶᠢᠨ ᠡᠬᠡ ᠨᠣᠣᠷᠠᠭ ᠢ ᠨᠠᠶᠢᠷᠠᠭᠤᠯᠤᠨ ᠵᠣᠬᠢᠶᠠᠭᠰᠠᠨ ᠪᠥᠭᠡᠳ ᠲᠣᠰ ᠲᠣᠰ 3 ᠰᠠᠷ᠎ᠠ ᠶᠢᠨ 20 ᠤ ᠡᠳᠦᠷ᠂ 5 ᠰᠠᠷ᠎ᠠ ᠶᠢᠨ 31 ᠤ ᠡᠳᠦᠷ᠂ 8 ᠰᠠᠷ᠎ᠠ ᠶᠢᠨ 30 ᠤ ᠡᠳᠦᠷ 3 ᠤᠳᠠᠭ᠎ᠠ ᠬᠠᠮᠢᠶ᠎ᠠ ᠪᠦᠬᠦᠢ ᠬᠤᠰᠢᠭᠤ ᠰᠢᠶᠠᠨ ᠵᠢᠴᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠪᠠ᠃ 11 ᠰᠠᠷ᠎ᠠ ᠶᠢᠨ 20 ᠤ ᠡᠳᠦᠷ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠵᠢᠨᠢᠩ ᠤᠨ ᠪᠠᠢ ᠱᠢ ᠲᠦᠩ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠨ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃ 11 ᠰᠠᠷ᠎ᠠ ᠶᠢᠨ 23 ᠤ ᠡᠳᠦᠷ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠯᠠᠩ ᠮᠠᠯ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ ᠨᠤᠲᠠᠯᠠᠯᠲᠠ ᠶᠢᠨ ᠬᠤᠷᠠᠯ ᠬᠢᠵᠦ᠂ 11 ᠰᠠᠷ᠎ᠠ ᠶᠢᠨ 28 ᠤ ᠡᠳᠦᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠵᠥᠪᠯᠡᠬᠦ ᠪᠠᠷ ᠪᠠᠲᠤᠯᠠᠭᠤᠯᠵᠤ᠂ ᠤᠯᠠᠨ ᠤᠳᠠᠭ᠎ᠠ ᠵᠠᠰᠠᠪᠤᠷᠢ ᠤᠷᠤᠭᠤᠯᠬᠤ ᠪᠠᠷ ᠲᠠᠮᠵᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠤᠰᠬᠠᠪᠠ᠃ᠭᠤᠷᠪᠠ᠂ ᠭᠤᠣᠯ ᠠᠭᠤᠯᠭ᠎ᠠ    ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 - 2030 ᠣᠨ︶︾ ᠶᠢ ᠨᠡᠶᠢᠲᠡ 7 ᠪᠦᠯᠦᠭ ᠬᠤᠪᠢᠶᠠᠪᠠ᠂ ᠭᠤᠣᠯ ᠠᠭᠤᠯᠭ᠎ᠠ ᠳᠤ᠄    ᠨᠢᠭᠡᠳᠦᠭᠡᠷ ᠪᠦᠯᠦᠭ᠄ ᠡᠬᠢ ᠪᠠᠶᠠᠯᠢᠭ ᠬᠢᠭᠡᠳ ᠬᠠᠮᠠᠭᠠᠯᠠᠯᠲᠠ ᠶᠢᠨ ᠲᠣᠶᠢᠮᠣ ᠪᠠᠶᠢᠳᠠᠯ᠃ ᠡᠭᠦᠨ ᠳᠤ ᠲᠥᠯᠦᠪᠵᠢᠭᠦᠯᠭᠡ ᠶᠢᠨ ᠣᠷᠣᠨ ᠤ ᠦᠨᠳᠦᠰᠦᠨ ᠪᠠᠶᠢᠳᠠᠯ᠂ ᠠᠮᠢᠳᠤ ᠪᠣᠳᠠᠰ ᠤᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠠᠭᠲᠠᠭᠠᠨ᠎ᠠ᠃    ᠬᠤᠶᠠᠳᠤᠭᠠᠷ ᠪᠦᠯᠦᠭ᠄ ᠵᠢᠯᠤᠭᠤᠳᠬᠤ ᠦᠵᠡᠯ ᠰᠠᠨᠠᠭ᠎ᠠ ᠬᠢᠭᠡᠳ ᠬᠠᠷᠠᠯᠲᠠ᠃ ᠡᠭᠦᠨ ᠳᠤ ᠵᠢᠯᠤᠭᠤᠳᠬᠤ ᠦᠵᠡᠯ ᠰᠠᠨᠠᠭ᠎ᠠ᠂ ᠲᠥᠯᠦᠪᠵᠢᠭᠦᠯᠭᠡ ᠶᠢᠨ ᠵᠠᠷᠴᠢᠮ᠂ ᠬᠠᠮᠠᠭᠠᠯᠠᠨ ᠰᠡᠷᠭᠦᠭᠡᠬᠦ ᠶᠡᠷᠦᠩᠬᠡᠢ ᠰᠡᠳᠬᠢᠴᠡ᠂ ᠲᠥᠯᠦᠪᠵᠢᠭᠦᠯᠭᠡ ᠶᠢᠨ ᠬᠠᠷᠠᠯᠲᠠ ᠵᠡᠷᠭᠡ ᠠᠭᠤᠯᠭ᠎ᠠ ᠪᠠᠭᠲᠠᠨ᠎ᠠ᠃    ᠭᠤᠷᠪᠠᠳᠤᠭᠠᠷ ᠪᠦᠯᠦᠭ᠄ ᠨᠤᠲᠤᠭ ᠪᠡᠯᠴᠢᠭᠡᠷ ᠢ ᠬᠠᠮᠠᠭᠠᠯᠠᠬᠤ᠂ ᠰᠡᠷᠭᠦᠭᠡᠨ ᠵᠠᠰᠠᠬᠤ ᠪᠠ ᠠᠵᠤ ᠦᠢᠯᠡᠰ ᠲᠤ ᠲᠣᠬᠢᠷᠠᠭᠤᠯᠤᠯᠲᠠ ᠬᠢᠬᠦ ᠠᠷᠭ᠎ᠠ ᠬᠡᠮᠵᠢᠶ᠎ᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ᠂ ᠭᠠᠯ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠶᠢ ᠬᠠᠮᠠᠭᠠᠯᠠᠬᠤ ᠵᠡᠷᠭᠡ 6 ᠲᠠᠯ᠎ᠠ ᠶᠢᠨ ᠠᠭᠤᠯᠭ᠎ᠠ ᠲᠠᠢ᠃ ᠰᠡᠷᠭᠦᠭᠡᠨ ᠵᠠᠰᠠᠬᠤ ᠠᠷᠭ᠎ᠠ ᠬᠡᠮᠵᠢᠶ᠎ᠡ ᠳᠤ ᠰᠠᠶᠢᠵᠢᠷᠠᠭᠤᠯᠤᠨ ᠰᠡᠷᠭᠦᠭᠡᠬᠦ᠂ ᠦᠵᠡᠮᠵᠢ ᠶᠢ ᠪᠢᠲᠡᠭᠦᠮᠵᠢᠯᠡᠨ ᠬᠠᠮᠠᠭᠠᠯᠠᠬᠤ᠂ ᠬᠦᠷᠦᠰᠦ ᠶᠢ ᠰᠦᠷᠴᠢᠨ ᠪᠤᠶᠢᠵᠢᠭᠤᠯᠬᠤ᠂ ᠨᠤᠲᠤᠭ ᠤᠨ ᠡᠪᠡᠰᠦᠨ ᠦᠷ᠎ᠡ ᠶᠢ ᠠᠷᠠᠴᠢᠯᠠᠨ ᠪᠣᠶᠢᠵᠢᠭᠤᠯᠬᠤ ᠪᠠ ᠲᠡᠭᠦᠵᠦ ᠬᠤᠷᠢᠶᠠᠬᠤ᠂ ᠬᠥᠨᠥᠭᠡᠯᠳᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠡᠪᠡᠰᠦᠨ ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ 6 ᠲᠠᠯ᠎ᠠ ᠶᠢᠨ ᠠᠭᠤᠯᠭ᠎ᠠ ᠲᠠᠢ᠃ ᠠᠵᠤ ᠦᠢᠯᠡᠰ ᠤᠨ ᠲᠣᠬᠢᠷᠠᠭᠤᠯᠤᠯᠲᠠ ᠶᠢᠨ ᠠᠷᠭ᠎ᠠ ᠬᠡᠮᠵᠢᠶ᠎ᠡ ᠨᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠳᠡᠰ ᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠪᠠ ᠰᠢᠨ᠎ᠡ ᠡᠨᠧᠷᠭᠢ ᠶᠢᠨ ᠬᠥᠭᠵᠢᠯᠲᠡ ᠶᠢ ᠵᠢᠷᠤᠮᠵᠢᠭᠤᠯᠬᠤ ᠵᠡᠷᠭᠡ 3 ᠲᠠᠯ᠎ᠠ ᠶᠢᠨ ᠠᠭᠤᠯᠭ᠎ᠠ ᠪᠤᠢ᠃    ᠳᠥᠷᠪᠡᠳᠦᠭᠡᠷ ᠪᠦᠯᠦᠭ᠄ ᠪᠠᠲᠤᠯᠠᠬᠤ ᠠᠷᠭ᠎ᠠ ᠬᠡᠮᠵᠢᠶ᠎ᠡ᠃ ᠡᠭᠦᠨ ᠳᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠳᠦᠷᠢᠮ ᠲᠤᠭᠳᠠᠭᠠᠯ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠪᠡᠯᠡ ᠮᠥᠩᠭᠦ ᠴᠤᠭᠯᠠᠭᠤᠯᠬᠤ᠂ ᠪᠠᠷᠢᠯᠭ᠎ᠠ ᠶᠢᠨ ᠬᠠᠮᠢᠶᠠᠷᠤᠯᠲᠠ ᠵᠢᠴᠢ ᠤᠬᠠᠭᠤᠯᠭ᠎ᠠ ᠬᠥᠮᠦᠵᠢᠯ ᠤᠨ ᠪᠠᠲᠤᠯᠠᠭ᠎ᠠ ᠵᠡᠷᠭᠡ ᠶᠢ ᠪᠠᠭᠳᠠᠭᠠᠨ᠎ᠠ᠃    ᠲᠠᠪᠤᠳᠤᠭᠠᠷ ᠪᠦᠯᠦᠭ᠄ ᠪᠡᠯᠡ ᠣᠷᠣᠭᠤᠯᠤᠯᠲᠠ ᠶᠢ ᠵᠢᠱᠢᠵᠦ ᠪᠣᠳᠣᠬᠤ ᠪᠠ ᠪᠡᠯᠡ ᠮᠥᠩᠭᠦ ᠴᠤᠭᠯᠠᠭᠤᠯᠬᠤ᠃ ᠬᠦᠢᠲᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠶᠡᠷᠦᠩᠬᠡᠢ ᠪᠡᠯᠡ ᠣᠷᠣᠭᠤᠯᠤᠯᠲᠠ  ᠨᠢ 11065.77 ᠲᠦᠮᠡᠨ ᠲᠥᠭᠦᠷᠢᠭ ᠪᠠᠶᠢᠵᠤ᠂ ᠡᠭᠦᠨ ᠳᠤ 2021 - 2025 ᠣᠨ ᠳᠤ 5594.27 ᠲᠦᠮᠡᠨ ᠲᠥᠭᠦᠷᠢᠭ᠂ 2026-2030 ᠣᠨ ᠳᠤ 5471.5 ᠲᠦᠮᠡᠨ ᠲᠥᠭᠦᠷᠢᠭ ᠪᠤᠯᠤᠨ᠎ᠠ᠂ ᠡᠭᠦᠨ ᠤ ᠳᠤᠳᠤᠷ᠎ᠠ᠂ ᠦᠵᠡᠮᠵᠢ ᠶᠢᠨ ᠬᠦᠷᠢᠶ᠎ᠡ ᠬᠠᠰᠢᠶ᠎ᠠ ᠶᠢ ᠥᠭᠡᠷᠡᠴᠢᠯᠡᠨ ᠰᠡᠷᠭᠦᠭᠡᠬᠦ᠂ ᠬᠦᠷᠦᠰᠦ ᠶᠢ ᠰᠦᠷᠴᠢᠨ ᠪᠤᠶᠢᠵᠢᠭᠤᠯᠬᠤ᠂ ᠨᠤᠲᠤᠭ ᠤᠨ ᠡᠪᠡᠰᠦ ᠶᠢ ᠠᠷᠠᠴᠢᠯᠠᠨ ᠪᠣᠶᠢᠵᠢᠭᠤᠯᠬᠤ᠂ ᠬᠤᠣᠷᠲᠤ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ᠂ ᠴᠠᠭ ᠠᠭᠤᠷ᠂ ᠠᠮᠢ ᠠᠬᠤᠢ ᠶᠢᠨ ᠣᠷᠴᠢᠨ ᠲᠣᠭᠤᠷᠢᠨ᠂ ᠭᠠᠯ ᠰᠡᠷᠭᠡᠶᠢᠯᠡᠬᠦ ᠪᠠᠲᠤᠯᠠᠭ᠎ᠠ ᠵᠡᠷᠭᠡ ᠪᠡᠯᠡ ᠣᠷᠣᠭᠤᠯᠤᠯᠲᠠ ᠪᠠᠭᠲᠠᠨ᠎ᠠ᠃ ᠪᠡᠯᠡ ᠮᠥᠩᠭᠦ ᠶᠢᠨ ᠢᠷᠡᠯᠲᠡ ᠨᠢ ᠭᠤᠣᠯᠳᠠᠭᠤ ᠡᠷᠡᠮᠡᠯᠵᠡᠯᠡᠨ ᠤᠯᠤᠭᠰᠠᠨ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠪᠣᠯᠣᠨ ᠨᠡᠶᠢᠭᠡᠮ ᠤᠨ ᠪᠡᠯᠡ ᠣᠷᠣᠭᠤᠯᠤᠯᠲᠠ ᠵᠡᠷᠭᠡ ᠪᠤᠯᠤᠨ᠎ᠠ᠃    ᠵᠢᠷᠭᠤᠳᠤᠭᠠᠷ ᠪᠦᠯᠦᠭ᠄ ᠦᠷ᠎ᠡ ᠠᠰᠢᠭ ᠤᠨ ᠵᠠᠳᠠᠯᠤᠯᠲᠠ᠃ ᠡᠬᠦᠨ ᠳᠤ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠪᠠᠭᠲᠠᠨ᠋᠎ᠠ᠃    ᠳᠣᠯᠣᠳᠤᠭᠠᠷ ᠪᠦᠯᠦᠭ᠄ ᠳᠠᠭᠠᠯᠳᠤᠭᠤᠯᠤᠯ ᠵᠢᠷᠤᠭ᠃ ᠡᠭᠦᠨ ᠳᠤ ᠭᠤᠣᠯᠳᠠᠭᠤ ᠲᠥᠯᠦᠪᠵᠢᠭᠦᠯᠭᠡ ᠶᠢᠨ ᠬᠦᠷᠢᠶ᠎ᠡ ᠬᠡᠪᠴᠢᠶᠡᠨ ᠤ ᠭᠠᠵᠠᠷ ᠤᠨ ᠲᠥᠷᠥᠯ᠂ ᠠᠮᠢ ᠠᠬᠤᠢ ᠶᠢᠨ ᠤᠯᠠᠭᠠᠨ ᠱᠤᠭᠤᠮ᠂ ᠰᠠᠶᠢᠵᠢᠷᠠᠭᠤᠯᠵᠤ ᠰᠡᠷᠭᠦᠭᠡᠬᠦ᠂ ᠪᠢᠲᠡᠭᠦᠮᠵᠢᠯᠡᠨ ᠬᠠᠮᠠᠭᠠᠯᠠᠬᠤ᠂ ᠨᠤᠲᠤᠭ ᠤᠨ ᠡᠪᠡᠰᠦ ᠶᠢ ᠲᠠᠷᠢᠵᠤ ᠬᠤᠷᠢᠶᠠᠬᠤ ᠪᠠ ᠠᠷᠠᠴᠢᠯᠠᠨ ᠪᠣᠶᠢᠵᠢᠭᠤᠯᠬᠤ᠂ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠬᠤᠣᠷᠲᠤ ᠡᠪᠡᠰᠦ ᠶᠢ ᠰᠡᠷᠭᠡᠶᠢᠯᠡᠨ ᠵᠠᠰᠠᠬᠤ᠂ ᠴᠢᠨᠠᠷ ᠰᠠᠶᠢᠲᠠᠢ ᠲᠡᠵᠢᠭᠡᠯ ᠡᠪᠡᠰᠦ ᠦᠢᠯᠡᠳᠪᠦᠷᠢᠯᠡᠬᠦ ᠰᠠᠭᠤᠷᠢᠨ ᠵᠡᠷᠭᠡ 10 ᠬᠤᠪᠢ ᠲᠠᠷᠬᠠᠯᠲᠠ ᠶᠢᠨ ᠵᠢᠷᠤᠭ ᠢ ᠪᠠᠭᠲᠠᠭᠠᠨ᠎ᠠ᠃ᠳᠥᠷᠪᠡ᠂ ᠨᠡᠶᠢᠲᠡᠯᠡᠭᠰᠡᠨ ᠠᠴᠢ ᠬᠤᠯᠪᠣᠭᠳᠠᠯ    ︽ᠤᠯᠠᠭᠠᠨᠴᠠᠪ ᠬᠤᠲᠠ ᠶᠢᠨ ᠬᠦᠢᠳᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ︵2021 - 2030 ᠣᠨ︶︾ ᠨᠢ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠪᠠᠷ ᠵᠠᠷᠴᠢᠮ ᠪᠣᠯᠭᠠᠵᠤ᠂ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠠᠴᠠ ᠡᠭᠦᠰᠴᠦ᠂ ᠣᠷᠣᠨ ᠪᠦᠰᠡ ᠶᠢᠨ ᠳᠣᠲᠣᠷᠠᠬᠢ ᠤᠳᠤᠬᠠᠨ ᠳᠤ ᠪᠠᠶᠢᠭ᠎ᠠ ᠠᠮᠢ ᠠᠬᠤᠢ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠠᠮᠠᠭᠠᠯᠠᠵᠤ᠂ ᠬᠡᠰᠡᠭ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠳᠠᠬᠢ ᠡᠯ᠎ᠡ ᠠᠮᠢ ᠠᠬᠤᠢ ᠶᠢᠨ ᠡᠯᠧᠮᠧᠨ᠋ᠲ ᠢ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠬᠦᠢᠲᠡᠨᠰᠢᠯᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠬᠦᠢᠲᠡᠨᠰᠢᠯᠢ ᠶᠢᠨ ᠲᠠᠯ᠎ᠠ ᠨᠤᠲᠤᠭ ᠤᠨ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠦᠨ᠎ᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2