ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/1
   2 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠰᠦᠢ ᠸᠧᠢ ᠵᠢᠶᠦ᠋ᠨ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠯᠠᠪᠳᠠᠭᠤᠨ ᠢᠶᠠᠷ ᠠᠬᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠤᠯᠤᠰ ᠤᠨ ︽ᠬᠤᠶᠠᠷ ᠬᠤᠷᠠᠯ︾ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠪᠦᠬᠦ ᠬᠤᠳᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭ᠎ᠠ ᠠᠳᠬᠤᠵᠤ᠂ ᠥᠨᠢ ᠤᠳᠠᠭᠠᠨ ᠠᠵᠢᠯᠯᠠᠵᠤ᠂ ᠦᠷᠭᠦᠯᠵᠢᠯᠡᠨ ᠬᠦᠴᠦᠯᠡᠵᠦ᠂ ︽ᠹᠧᠩᠴᠢᠶᠣᠣ ᠶᠢᠨ ᠲᠤᠷᠰᠢᠯᠭ᠎ᠠ︾ ᠪᠣᠯᠣᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠵᠢᠯ ᠢᠶᠠᠨ ᠭᠦᠨᠵᠡᠭᠡᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠶᠢᠯᠠᠭᠠᠮᠵᠢᠲᠠᠢ ᠰᠡᠳᠬᠢᠬᠦᠢ ᠶᠢ ᠪᠠᠲᠤ ᠪᠤᠢ ᠪᠣᠯᠭᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠶᠣᠰᠣᠭᠠᠷ᠂ ᠡᠬᠢ ᠡᠭᠦᠰᠦᠯ ᠠᠴᠠ ᠨᠢ ᠨᠠᠮᠳᠠᠭᠤᠯᠬᠤ᠂ ᠬᠦᠨᠳᠦ ᠠᠰᠠᠭᠤᠳᠠᠯ ᠢ ᠵᠠᠰᠠᠵᠤ ᠬᠤᠷᠠᠮᠳᠤᠯᠠᠭᠤᠯᠬᠤ ᠶᠢ ᠪᠠᠭᠠᠰᠬᠠᠬᠤ᠂ ᠪᠡᠭᠡᠵᠢᠩ ᠳᠤ ᠣᠴᠢᠵᠤ ︽ᠬᠠᠤᠯᠢ ᠪᠤᠰᠤ ᠪᠠᠷ ᠰᠤᠷᠪᠤᠯᠵᠢᠯᠠᠬᠤ︾ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠠᠶᠢᠲᠤᠷ ᠰᠢᠢᠳᠪᠦᠷᠢᠯᠡᠵᠦ᠂ ᠡᠨᠡᠬᠦ ︽ᠭᠡᠷ ᠲᠤᠨᠢ ᠬᠦᠷᠭᠡᠬᠦ︾ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠵᠥᠷᠢᠴᠡᠯ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠣᠷᠪᠤᠯᠵᠢᠯᠠᠭ᠎ᠠ ᠶᠢ ᠭᠥᠯᠢᠶᠡᠨ ᠠᠪᠬᠤ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠦᠨᠡᠨᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠥᠬᠦ ᠬᠤᠲᠠ ᠶᠢᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2