ᠬᠤᠸᠠᠳᠧ ᠰᠢᠶᠠᠨ ᠤ ᠬᠤᠯᠪᠣᠭᠠᠲᠤ ᠬᠤᠷᠢᠶ᠎ᠠ ᠶᠢᠨ ︽ᠨᠡᠭᠦᠳᠡᠯ ᠪᠠᠩᠬᠢ ᠶᠢᠨ ᠦᠢᠯᠡᠴᠢᠯᠡᠭᠡᠨ ᠤ ᠲᠡᠷᠭᠡ︾ ᠴᠠᠭᠠᠨ ᠰᠠᠷ᠎ᠠ ᠳᠤ ᠠᠶᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/3/1
    ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ ᠬᠤᠸᠠᠳᠧ ᠰᠢᠶᠠᠨ ᠤ ᠬᠤᠯᠪᠣᠭᠠᠲᠤ ᠬᠤᠷᠰᠢᠶ᠎ᠠ ᠶᠢᠨ ᠨᠡᠭᠦᠳᠡᠯ ᠪᠠᠩᠬᠢ ᠶᠢᠨ ᠲᠡᠷᠭᠡ ᠵᠡᠭᠡᠯᠢ ᠭᠤᠳᠤᠮᠵᠢ ᠪᠠᠷ ᠲᠣᠰᠬᠤᠨ ᠳᠤ ᠣᠷᠣᠵᠤ᠂ ᠣᠯᠠᠨ ᠲᠦᠮᠡᠨ ᠳᠤ ︽ᠰᠡᠳᠬᠢᠯ︾ ᠤᠨ ᠦᠢᠯᠡᠴᠢᠯᠡᠭᠡ ᠬᠠᠩᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠢ ᠵᠠᠪᠰᠠᠷ ᠦᠭᠡᠢ ᠪᠠᠶᠢᠬᠤ ᠶᠢ ᠪᠡᠶᠡᠯᠡᠭᠦᠯᠪᠡ᠃     ᠬᠤᠸᠠᠳᠧ ᠰᠢᠶᠠᠨ ᠤ ᠬᠤᠯᠪᠣᠭᠠᠲᠤ ᠬᠤᠷᠰᠢᠶ᠎ᠠ ᠨᠢ ᠭᠠᠳᠠᠭᠰᠢ ᠭᠠᠷᠴᠤ ᠬᠥᠯᠥᠰᠦᠨ ᠠᠵᠢᠯ ᠬᠢᠵᠦ ᠨᠤᠲᠤᠭ ᠲᠠᠭᠠᠨ ᠪᠤᠴᠠᠭᠰᠠᠨ ᠬᠥᠮᠥᠰ ᠲᠤ ᠦᠢᠯᠡᠴᠢᠯᠡᠬᠦ ᠪᠠᠷ ᠠᠵᠠ ᠲᠣᠬᠢᠶᠠᠯ ᠪᠣᠯᠭᠠᠵᠤ᠂ ᠨᠡᠭᠦᠳᠡᠯ ᠪᠠᠩᠬᠢ ᠶᠢᠨ ᠮᠠᠰᠢᠨ ᠲᠡᠷᠭᠡ ᠴᠠᠩ ᠱᠦᠨ ᠪᠠᠯᠭᠠᠰᠤ᠂ ᠴᠣᠣᠶᠠᠩ ᠪᠠᠯᠭᠠᠰᠤ ᠵᠡᠷᠭᠡ ᠭᠠᠵᠠᠷ ᠲᠤ ᠬᠦᠷᠴᠦ᠂ ᠲᠣᠰᠬᠤᠨ ᠤ ᠠᠷᠠᠳ ᠤᠨ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ᠂ ᠡᠯᠧᠺᠲᠷᠣᠨ ᠪᠠᠩᠬᠢ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ ᠭᠠᠳᠠᠭᠰᠢ ᠭᠠᠷᠴᠤ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠪᠣᠯᠣᠨ ᠶᠠᠪᠤᠵᠤ ᠰᠠᠭᠤᠬᠤ ᠳᠤ ᠳᠥᠭᠦᠮ ᠦᠭᠡᠢ ᠬᠥᠮᠥᠰ ᠲᠤ ᠲᠤᠶᠢᠯ ᠤᠨ ᠶᠡᠭᠡ ᠲᠦᠬᠦᠮ ᠦᠵᠡᠭᠦᠯᠪᠡ᠃ ᠡᠭᠦᠨ ᠤ ᠬᠠᠮᠲᠤ᠂ ᠵᠣᠭᠤᠰ ᠤᠬᠢᠶᠠᠬᠤ ᠶᠢ ᠰᠡᠷᠭᠡᠶᠢᠯᠡᠬᠦ᠂ ᠬᠠᠳᠠᠭᠠᠯᠠᠮᠵᠢ ᠶᠢᠨ ᠳᠠᠭᠠᠳᠬᠠᠯ ᠵᠡᠷᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠵᠣᠭᠤᠰ ᠤᠬᠢᠶᠠᠬᠤ ᠶᠢ ᠡᠰᠡᠷᠭᠦᠴᠡᠬᠦ᠂ ᠬᠠᠳᠠᠭᠠᠯᠠᠮᠵᠢ ᠶᠢᠨ ᠳᠠᠭᠠᠳᠬᠠᠯ᠂ ᠪᠡᠯᠡᠨ ᠵᠣᠭᠤᠰ ᠬᠤᠷᠢᠶᠠᠬᠤ ᠶᠢ ᠲᠡᠪᠴᠢᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠣᠰᠬᠤᠨ ᠤ ᠠᠷᠠᠳ ᠲᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠵᠦ᠂ ᠣᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠬᠤᠶᠢᠰᠢᠳᠠ᠂ ᠬᠤᠸᠠᠳᠧ ᠰᠢᠶᠠᠨ ᠤ ᠬᠤᠯᠪᠣᠭᠠᠲᠤ ᠬᠤᠷᠰᠢᠶ᠎ᠠ ︽ᠬᠥᠮᠥᠨ ᠢᠶᠠᠷ ᠦᠨᠳᠦᠰᠦ ᠪᠣᠯᠭᠠᠵᠤ᠂ ᠤᠷᠢᠳᠠᠪᠠᠷ ᠦᠢᠯᠡᠴᠢᠯᠡᠬᠦ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ︽ᠨᠡᠭᠦᠳᠡᠯ ᠦᠢᠯᠡᠴᠢᠯᠡᠭᠡ︾ ᠶᠢᠨ ᠳᠤᠯᠠᠭᠠᠴᠠ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠠᠷᠢᠶᠠᠨ ᠭᠠᠵᠠᠷ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶᠡᠨ ᠳᠤ ᠬᠦᠷᠭᠡᠵᠦ᠂ ᠮᠥᠩᠭᠦᠨ ᠭᠦᠢᠯᠭᠡᠭᠡᠨ ᠢᠶᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠡᠬᠡ ᠭᠠᠵᠠᠷ ᠢ ᠲᠠᠰᠤᠷᠠᠯᠲᠠ ᠦᠭᠡᠢ ᠤᠮᠳᠠᠯᠠᠭᠤᠯᠬᠤ ᠪᠣᠯᠣᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2