ᠴᠢ ᠹᠧᠢ ᠶᠦᠨ ᠲᠥᠯᠥᠭᠡᠯᠡᠭᠴᠢ᠄ ᠠᠵᠠ ᠲᠣᠬᠢᠶᠠᠯ ᠢ ᠠᠮᠵᠢᠨ ᠤᠯᠤᠰ ᠤᠨ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/3/11
   ︽ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠤᠷᠤᠯᠴᠠᠭᠰᠠᠨ ᠤ ᠳᠠᠷᠠᠭ᠎ᠠ ᠮᠠᠰᠢ ᠶᠡᠭᠡ ᠰᠡᠩᠬᠡᠷᠡᠭᠦᠯᠦᠯ ᠣᠯᠵᠤ᠂ ᠶᠡᠬᠡᠳᠡ ᠵᠣᠷᠢᠭᠵᠢᠵᠤ᠂ ᠢᠯᠠᠩᠭᠤᠶ᠎ᠠ ᠢᠯᠡᠳᠬᠡᠯ ᠤᠨ ᠬᠤᠯᠪᠣᠭᠳᠠᠯ ᠪᠦᠬᠦᠢ ᠲᠣᠭᠠᠴᠢᠯᠠᠭᠰᠠᠨ ᠠᠵᠤ ᠦᠢᠯᠡᠰ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ  ᠶᠢᠨ ᠲᠤᠬᠠᠢ ᠭᠦᠨ ᠰᠠᠭᠤᠭᠳᠠᠯ ᠲᠠᠢ ᠪᠣᠯᠵᠠᠢ᠃︾ 2024 ᠣᠨ ᠤ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠨᠢ ᠪᠦᠬᠦ ᠤᠯᠤᠰ ᠤᠨ ᠴᠤᠷ ᠤᠨ ᠭᠠᠭᠴᠠ ᠲᠣᠮᠣ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠦᠷᠦᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠ ᠨᠢᠭᠡ ᠴᠣᠭᠴᠠᠵᠢᠭᠤᠯᠤᠭᠰᠠᠨ ᠪᠣᠳᠣᠯᠲᠠ ᠶᠢᠨ ᠴᠢᠳᠠᠪᠤᠷᠢ ᠶᠢᠨ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠵᠡᠷᠭᠡᠪᠡᠷ ᠡᠭᠦᠷᠭᠡᠯᠡᠭᠰᠡᠨ ᠭᠠᠵᠠᠷ ᠣᠷᠣᠨ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠢᠮᠡᠯ ᠤᠶᠤᠨ ᠪᠠ ᠤᠯᠤᠰ ᠤᠨ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠨ ᠪᠦᠲᠦᠭᠡᠨ ᠪᠠᠶᠢᠭᠤᠯᠬᠤ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠪᠣᠬᠢᠷᠲᠤᠯ ᠦᠭᠡᠢ ᠡᠨᠧᠷᠭᠢ᠂ ᠡᠬᠢ ᠪᠠᠶᠠᠯᠢᠭ ᠢ ᠪᠠᠶᠠᠯᠢᠭᠵᠢᠭᠤᠯᠬᠤ᠂ ᠣᠷᠣᠨ ᠪᠠᠶᠢᠷᠢ ᠶᠢ ᠳᠠᠪᠠᠭᠤᠯᠢᠭ ᠪᠠᠶᠢᠯᠭᠠᠬᠤ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠥᠷ ᠨᠠᠶᠢᠳᠠᠪᠤᠷᠢᠲᠠᠢ᠂ ᠥᠨᠳᠥᠷ ᠡᠨᠧᠷᠭᠢ ᠶᠢᠨ ᠠᠰᠢᠭᠯᠠᠮᠵᠢ ᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳ᠋ᠠᠶᠢᠲ᠋ᠠ ᠶᠢᠨ ᠲᠥᠪ ᠤᠨ ᠪᠦᠯᠦᠭᠯᠡᠯ ᠢ ᠶᠡᠬᠡᠪᠡᠷ ᠬᠥᠭᠵᠢᠭᠦᠯᠵᠦ᠂ ᠣᠷᠣᠨ ᠵᠠᠢ ᠶᠢᠨ ᠪᠠᠶᠢᠷᠢᠰᠢᠯ ᠪᠠ ᠪᠣᠳᠣᠯᠲᠠ ᠶᠢᠨ ᠴᠢᠳᠠᠪᠤᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ ᠭᠡᠵᠡᠢ᠃    ᠴᠢ ᠹᠧᠢ ᠶᠦᠨ ᠲᠠᠨᠢᠯᠴᠠᠭᠤᠯᠬᠤ ᠳᠠᠭᠠᠨ᠂ ᠥᠪᠥᠷ ᠮᠣᠩᠭᠤᠯ ᠤᠨ ᠳ᠋ᠠᠶᠢᠲ᠋ᠠ ᠶᠢᠨ ᠲᠥᠪ ᠤᠨ ᠦᠢᠯᠡᠴᠢᠯᠡᠭᠡᠨ ᠤ ᠮᠠᠰᠢᠨ ᠨᠢᠭᠡᠨᠲᠡ 260 ᠲᠦᠮᠡᠨ ᠰᠠᠤᠷᠢ ᠠᠵᠢᠯᠯᠠᠵᠤ᠂ ᠬᠤᠸᠠ ᠸᠧᠢ ᠶᠢᠨ ᠣᠶᠤᠨ ᠤ ᠪᠣᠳᠣᠯᠭ᠎ᠠ ᠶᠢᠨ ᠲᠥᠪ ᠵᠡᠷᠭᠡ ᠮᠢᠩᠭᠠᠨ ᠳ᠋ᠦᠩᠰᠢᠭᠤᠷ ᠤᠨ ᠲᠠᠰ ᠤᠨ ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠤᠷᠢᠨᠭᠡᠷ ᠢᠶᠠᠷ ᠭᠤᠣᠯ ᠪᠣᠯᠭᠠᠭᠰᠠᠨ ᠶᠡᠷᠦᠩᠬᠡᠢ ᠬᠡᠯᠲᠡᠰ ᠤᠨ ᠲᠤᠭ᠎ᠠ ᠪᠠᠷᠢᠮᠲᠠ ᠶᠢᠨ ᠠᠵᠤ ᠦᠢᠯᠡᠰ ᠤᠨ ᠪᠦᠯᠦᠭᠯᠡᠯ᠂ ᠤᠯᠠᠭᠠᠨᠴᠠᠪ ᠢᠶᠠᠷ ᠭᠤᠣᠯ ᠪᠣᠯᠭᠠᠭᠰᠠᠨ ᠣᠶᠣᠨᠲᠦ ᠪᠣᠳᠣᠯᠲᠠ ᠬᠡᠲᠦ ᠪᠣᠳᠣᠯᠲᠠ ᠶᠢᠨ ᠬᠦᠴᠦᠨ ᠢ ᠭᠠᠳᠠᠭᠰᠢ ᠭᠠᠷᠭᠠᠬᠤ ᠪᠠ ᠭᠠᠮᠰᠢᠭ ᠤᠨ ᠪᠡᠯᠡᠳᠬᠡᠯ ᠬᠠᠳᠠᠭᠠᠯᠠᠯᠲᠠ ᠶᠢᠨ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠵᠤ᠂ ︽ᠬᠠᠳᠠᠭᠠᠯᠠᠬᠤ︾ ᠪᠠ ︽ᠪᠤᠳᠤᠬᠤ︾ ᠶᠢ ᠵᠣᠬᠢᠴᠠᠩᠭᠤᠢ ᠪᠠᠷ ᠬᠥᠭᠵᠢᠭᠦᠯᠵᠦ᠂ ᠬᠠᠷᠢᠯᠴᠠᠨ ᠳᠣᠪᠤᠶᠢᠯᠭᠠᠭᠰᠠᠨ ᠪᠠᠶᠢᠨ᠎ᠠ᠃ ᠤᠯᠠᠭᠠᠨᠴᠠᠪ ᠤᠨ ᠣᠶᠣᠨᠲᠦ ᠪᠣᠳᠣᠯᠲᠠ ᠬᠡᠲᠦ ᠪᠣᠳᠣᠯᠲᠠ ᠶᠢᠨ ᠪᠦᠯᠦᠭᠯᠡᠯ ᠢᠶᠠᠷ ᠵᠢᠱᠢᠶᠡᠯᠡᠪᠡᠯ᠂ ᠤᠯᠠᠭᠠᠨᠴᠠᠪ ᠤᠨ ᠳ᠋ᠠᠶᠢᠲ᠋ᠠ ᠶᠢᠨ ᠲᠥᠪ ᠤᠨ ᠦᠢᠯᠡᠴᠢᠯᠡᠭᠡᠨ ᠤ ᠮᠠᠰᠢᠨ 460 ᠲᠦᠮᠡ ᠳᠤ ᠬᠦᠷᠴᠦ᠂ ᠣᠳᠣᠬᠠᠨ ᠳᠤ ᠪᠣᠳᠣᠯᠲᠠ ᠶᠢᠨ ᠴᠢᠳᠠᠪᠤᠷᠢ ᠶᠢᠨ ᠬᠡᠪᠴᠢᠶ᠎ᠡ ᠨᠢ 15000P ᠪᠠᠶᠢᠵᠤ᠂ ᠡᠭᠦᠨ ᠳᠤ ᠣᠶᠤᠨᠲᠤ ᠪᠣᠳᠣᠯᠲᠠ ᠶᠢᠨ ᠴᠢᠳᠠᠪᠤᠷᠢ ᠶᠢᠨ ᠡᠵᠡᠯᠡᠬᠦ ᠬᠠᠷᠢᠴᠠᠯ ᠨᠢ 59% ᠠᠴᠠ ᠳᠡᠭᠡᠭᠰᠢᠬᠢ ᠶᠢ ᠡᠵᠡᠯᠡᠵᠦ᠂ ᠨᠠᠢᠮᠠᠨ ᠶᠡᠭᠡ ᠵᠠᠩᠭᠢᠯᠠᠭ᠎ᠠ᠂ ᠠᠷᠪᠠᠨ ᠶᠡᠭᠡ ᠪᠦᠯᠦᠭᠯᠡᠯ ᠤᠨ ᠡᠮᠦᠨ᠎ᠡ ᠡᠩᠨᠡᠭᠡᠨ ᠳᠤ ᠣᠷᠣᠵᠠᠢ᠃ ᠤᠯᠠᠭᠠᠨᠴᠠᠪ ︽ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠲᠥᠪ ᠲᠤ ᠬᠠᠮᠤᠭ ᠤᠨ ᠲᠣᠬᠢᠷᠠᠬᠤ ᠬᠤᠲᠠ ᠪᠠ ᠭᠠᠵᠠᠷ ᠣᠷᠣᠨ︾ ︽ᠲᠤᠭ᠎ᠠ ᠪᠠᠷᠢᠮᠲᠠ ᠶᠢᠨ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ︾ ᠪᠠᠷ ᠦᠨᠡᠯᠡᠭᠳᠡᠵᠦ᠂ ᠤᠯᠤᠰ ᠤᠨ ︽︿ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ﹀ ᠬᠡᠪ ᠳᠠᠭᠤᠷᠢᠶᠠᠯ︾ ᠪᠠ ︽ ᠪᠣᠳᠣᠯᠲᠠ ᠶᠢᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ︾ ᠶᠢᠨ ᠢᠷᠠᠭᠤ ᠠᠯᠳᠠᠷ ᠢ ᠭᠥᠷᠳᠡᠵᠦ᠂ ︽ᠡᠮᠦᠨᠡᠲᠦ ᠭᠦᠢᠵᠧᠦ ᠤᠮᠠᠷᠠᠲᠤ ᠤᠯᠠᠭᠠᠨᠴᠠᠪ · ᠲᠠᠯ᠎ᠠ ᠨᠤᠲᠤᠭ ᠤᠨ ᠡᠭᠦᠯᠡᠨ ᠬᠥᠨᠳᠡᠢ︾ ᠶᠢᠨ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠡᠭᠦᠳᠦᠭᠰᠡᠨ ᠪᠠᠶᠢᠨ᠎ᠠ ᠭᠡᠵᠡᠢ᠃     ᠴᠢ ᠹᠧᠢ ᠶᠦᠨ ᠤ ᠦᠵᠡᠬᠦ ᠪᠠᠷ᠂ ᠤᠯᠠᠭᠠᠨᠴᠠᠪ ᠣᠲᠣ ᠶᠠᠭ ᠤᠯᠤᠰ ᠤᠨ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠥᠭᠵᠢᠯᠲᠡ ᠶᠢᠨ ᠳᠠᠪᠠᠭᠤᠯᠢᠭ ᠢ ᠪᠦᠷᠢᠳᠦᠭᠦᠯᠵᠦ ᠪᠠᠶᠢᠨ᠎ᠠ᠃ ᠨᠢᠭᠡ ᠳᠤ ᠭᠠᠵᠠᠷ ᠰᠢᠨᠵᠢᠯᠡᠭᠡ ᠲᠣᠭᠲᠠᠭᠤᠨ᠂ ᠠᠭᠤᠷ ᠠᠮᠢᠰᠬᠤᠯ ᠰᠡᠷᠢᠭᠦᠨ᠂ ᠪᠠᠶᠢᠭᠠᠯᠢ ᠶᠢᠨ ᠳᠠᠪᠠᠭᠤᠯᠢᠭ ᠲᠠᠢ︔ ᠬᠤᠶᠠᠷ ᠲᠤ ᠰᠠᠯᠬᠢ ᠬᠡᠷᠡᠯ᠂  ᠪᠣᠬᠢᠷᠳᠣᠯ ᠦᠭᠡᠢ ᠴᠠᠬᠢᠯᠭᠠᠨ ᠡᠯᠪᠡᠭ ᠳᠡᠯᠪᠡᠭ ᠪᠠᠶᠢᠵᠤ᠂ ᠪᠣᠬᠢᠷᠲᠤᠯ ᠦᠭᠡᠢ ᠪᠠ ᠥᠪᠡᠷ ᠤᠨ ᠥᠷᠲᠡᠭ ᠤᠨ ᠳᠠᠪᠠᠭᠤᠯᠢᠭ ᠲᠠᠢ ᠪᠠᠶᠢᠳᠠᠭ︔ ᠭᠤᠷᠪᠠ ᠳᠤ ᠴᠠᠭ ᠤᠨ ᠤᠷᠲᠤᠳᠬᠠᠯ ᠨᠢ ᠲᠤᠶᠢᠯ ᠤᠨ ᠣᠬᠤᠷ᠂ ᠵᠠᠬ᠎ᠠ ᠳᠡᠯᠭᠡᠭᠦᠷ ᠲᠠᠢ ᠣᠶᠢᠷᠠᠳᠴᠤ᠂ ᠴᠥᠷᠬᠡᠯᠡᠭᠡ ᠵᠠᠮ ᠤᠨ ᠳᠠᠪᠠᠭᠤᠯᠢᠭ ᠲᠠᠢ︔ ᠳᠥᠷᠪᠡ ᠳᠤ ᠦᠳᠲᠡᠷ ᠲᠦᠷᠭᠡᠨ ᠬᠥᠭᠵᠢᠵᠦ᠂ ᠬᠤᠷᠠᠨ ᠴᠤᠭᠯᠠᠷᠠᠭᠠᠳ ᠠᠵᠤ ᠦᠢᠯᠡᠰ ᠤᠨ ᠳᠠᠪᠠᠭᠤᠯᠢᠭ ᠲᠠᠢ ᠪᠣᠯᠪᠠ᠃    ᠴᠢ ᠹᠧᠢ ᠶᠦᠨ ᠢᠯᠡᠷᠬᠡᠶᠢᠯᠡᠬᠦ ᠳᠡᠭᠡᠨ᠂ ᠡᠨᠡ ᠵᠢᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠦᠬᠦ ᠪᠦᠯᠬᠦᠮ ᠤᠨ ᠰᠠᠨᠠᠭᠤᠯᠭ᠎ᠠ ᠪᠣᠯ ᠥᠪᠥᠷ ᠮᠣᠩᠭᠤᠯ ᠢ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠠᠵᠢᠭᠯᠠᠭᠴᠢ ᠪᠣᠯᠭᠠᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠡᠨᠡ ᠵᠢᠯ᠂ ᠤᠯᠠᠭᠠᠨᠴᠠᠪ ᠬᠤᠲᠠ ᠶᠢᠨ ᠬᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠭᠤᠣᠯᠳᠠᠯᠭ᠎ᠠ ᠲᠠᠢ ᠪᠠᠶᠢᠷᠢᠯᠠᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠲᠣᠭᠠᠴᠢᠯᠠᠯᠲᠠ ᠪᠠ ᠲᠣᠭᠠᠴᠢᠯᠠᠭᠰᠠᠨ ᠠᠵᠤ ᠦᠢᠯᠡᠰᠵᠢᠯᠲᠡ ᠶᠢ ᠲᠦᠷᠭᠡᠳᠬᠡᠨ᠎ᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠳᠡᠰ ᠤᠨ ᠪᠣᠳᠣᠯᠲᠠ ᠶᠢᠨ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠶᠢ ᠢᠳᠡᠪᠬᠢᠲᠡᠢ ᠪᠠᠶᠢᠷᠢᠯᠠᠭᠤᠯᠵᠤ᠂ ︽ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢ ᠪᠡᠭᠡᠵᠢᠩ ᠳᠤ ᠣᠷᠣᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠨᠡᠶᠢᠳᠡᠮ ᠠᠰᠢᠭ ᠬᠦᠷᠲᠡᠭᠡᠬᠦ ᠴᠢᠨᠠᠷ ᠰᠠᠶᠢᠲᠠᠢ ᠪᠣᠳᠣᠯᠲᠠ ᠶᠢᠨ ᠴᠢᠳᠠᠪᠤᠷᠢ ᠶᠢᠨ ᠦᠢᠯᠡᠴᠢᠯᠡᠭᠡ ᠶᠢ ᠲᠠᠰᠤᠷᠠᠯᠳᠡ ᠦᠭᠡᠢ ᠬᠠᠩᠭᠠᠵᠤ᠂ ᠵᠦᠩ ᠭᠤᠸᠠᠨ ᠼᠦᠨ ᠤ ᠬᠢᠮᠡᠯ ᠤᠶᠤᠨ ᠤ ᠬᠥᠭᠵᠢᠯᠲᠡ ᠶᠢᠨ ᠬᠡᠷᠡᠭᠴᠡᠭᠡ ᠶᠢ ᠬᠦᠴᠦᠯᠡᠨ ᠲᠤᠯᠭᠠᠭᠤᠷᠢᠯᠠᠵᠤ᠂ ᠳᠡᠭᠡᠳᠦ ᠬᠤᠷᠳᠤᠴᠠ ᠪᠠᠷ ᠥᠷᠭᠡᠵᠢᠭᠰᠡᠨ᠂ ᠡᠭᠦᠯᠡᠨ ᠲᠣᠣᠷ ᠠᠭᠤᠰᠤᠯᠴᠠᠭᠰᠠᠨ᠂ ᠣᠶᠤᠨᠴᠢ ᠪᠤᠰᠢᠭᠤ ᠱᠠᠯᠠᠮᠠᠭᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠭᠰᠠᠨ᠂ ᠠᠮᠤᠷ ᠲᠦᠪᠰᠢᠨ ᠡᠵᠡᠮᠳᠡᠵᠦ ᠪᠣᠯᠬᠤ ᠪᠦᠬᠦ ᠤᠯᠤᠰ ᠤᠨ ᠬᠠᠮᠤᠭ ᠤᠨ ᠬᠦᠴᠦᠷᠬᠡᠭ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠢ ᠪᠠᠶᠢᠭᠤᠯᠵᠤ᠂ ᠬᠤᠷᠢᠨᠭᠡᠷ ᠲᠠᠢ ᠬᠠᠮᠲᠤ ᠪᠠᠷ ︽ᠵᠡᠭᠦᠨ ᠣᠷᠣᠨ ᠤ ᠲᠤᠭ᠎ᠠ ᠪᠠᠷᠢᠮᠲᠠ ᠶᠢ ᠪᠠᠷᠠᠭᠤᠨ ᠣᠷᠣᠨ ᠳᠤ ᠰᠢᠢᠳᠪᠦᠷᠢᠯᠡᠬᠦ︾ ᠢᠨᠵᠧᠨᠧᠷᠢᠩ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠥᠪᠥᠷ ᠮᠣᠩᠭᠤᠯ ᠤᠨ ᠬᠦᠴᠦᠨ ᠴᠢᠳᠠᠯ ᠢ ᠨᠡᠮᠡᠷᠢᠯᠡᠨ᠎ᠡ ᠭᠡᠵᠡᠢ᠃    ᠥᠪᠥᠷ ᠮᠣᠩᠭᠤᠯ ᠤᠨ ︽ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠴᠢ ᠹᠧᠢ ᠶᠦᠨ ᠰᠠᠨᠠᠭᠤᠯᠭ᠎ᠠ ᠳᠠᠭᠠᠨ᠂ ᠨᠢᠭᠡ ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠠᠷᠢᠮᠲᠠ ᠶᠢᠨ ᠲᠣᠪᠴᠢᠶ᠎ᠠ ᠠᠴᠠ ᠤᠯᠠᠭᠠᠨᠴᠠᠪ ᠬᠤᠲᠠ ᠶᠢᠨ ᠣᠯᠠᠨ ᠡᠭᠦᠯᠡᠨ ᠪᠣᠳᠣᠯᠲᠠ ᠶᠢᠨ ᠴᠢᠳᠠᠪᠤᠷᠢ ᠶᠢ ᠨᠢᠭᠡ ᠴᠣᠭᠴᠠᠵᠢᠭᠤᠯᠤᠨ ᠲᠣᠬᠢᠷᠠᠭᠤᠯᠬᠤ ᠲᠠᠪᠴᠠᠩ ᠢ ᠪᠡᠭᠡᠵᠢᠩ ᠲᠢᠶᠠᠨᠵᠢᠨ ᠾᠧᠪᠧᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠰᠢᠯᠭᠠᠨ ᠪᠠᠲᠤᠯᠠᠬᠤ ᠲᠠᠪᠴᠠᠩ ᠳᠤ ᠣᠷᠣᠭᠤᠯᠬᠤ ᠶᠢ ᠳᠡᠮᠵᠢᠬᠦ ᠶᠢ ᠬᠦᠰᠡᠵᠦ ᠪᠠᠶᠢᠨ᠎ᠠ︔ ᠬᠤᠶᠠᠷ ᠲᠤ ᠤᠯᠠᠭᠠᠨᠴᠠᠪ ᠵᠢᠴᠢ ᠬᠤᠷᠢᠨᠭᠡᠷ ᠤᠨ AI ᠪᠣᠳᠣᠯᠲᠠ ᠶᠢᠨ ᠴᠢᠳᠠᠪᠤᠷᠢ ᠶᠢᠨ ᠬᠡᠷᠡᠭᠯᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠪᠡᠭᠡᠵᠢᠩ ᠢᠶᠠᠷ ᠬᠥᠲᠥᠴᠢ ᠬᠤᠲᠠ ᠪᠣᠯᠭᠠᠭᠰᠠᠨ ᠪᠡᠭᠡᠵᠢᠩ ᠲᠢᠶᠠᠨᠵᠢᠨ‌ᠾᠧᠪᠧᠢ ᠶᠢᠨ ᠣᠷᠣᠨ ᠪᠦᠰᠡ ᠶᠢᠨ ᠳᠡᠭᠡᠳᠦ ᠴᠢᠳᠠᠪᠬᠢᠲᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠵᠠᠯᠭᠠᠨ ᠠᠪᠴᠤ᠂ ᠬᠠᠳᠠᠭᠠᠯᠠᠬᠤ ᠪᠤᠳᠤᠬᠤ ᠳᠠᠮᠵᠢᠭᠤᠯᠬᠤ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠬᠠᠩᠭᠠᠨ᠎ᠠ ᠭᠡᠵᠡᠢ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2