ᠪᠦᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
     3 ᠰᠠᠷ᠎ᠠ ᠶᠢᠨ 8 ᠤ ᠡᠳᠦᠷ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠵᠤ᠂ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠠᠵᠢᠯ ᠢ ᠳ᠋ᠦᠩᠨᠡᠵᠦ᠂ 2024 ᠣᠨ ᠤ ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠢ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠬᠤᠷᠠᠯ ᠳᠤ ᠣᠷᠣᠯᠴᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠱᠤᠭᠤᠮ ᠢ ᠤᠯᠤᠰ ᠲᠥᠷᠥ ᠶᠢᠨ ᠱᠤᠭᠤᠮ ᠤᠨ ᠬᠦᠴᠦᠯᠡᠬᠦ ᠴᠡᠭ ᠲᠤ ᠣᠨᠣᠪᠴᠢᠲᠠᠶ ᠦᠢᠯᠡᠴᠢᠯᠡᠭᠦᠯᠵᠦ᠂ ︽ᠨᠠᠮ ᠤᠨ ᠪᠠᠶᠢᠭᠤᠯᠤᠯᠲᠠ ᠶᠢᠨ ᠪᠦᠯᠦᠭ︾ ᠢ ᠵᠣᠬᠢᠶᠠᠨ ᠪᠠᠶᠢᠭᠤᠯᠤᠯᠲᠠ ᠶᠢᠨ ᠠᠵᠢᠯ ᠢ ᠲᠥᠯᠥᠪᠯᠡᠨ ᠠᠬᠢᠭᠤᠯᠬᠤ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ︽ᠦᠨᠳᠦᠰᠦᠲᠡᠨ ᠤ ᠪᠦᠯᠦᠭ︾ ᠢ ᠦᠨᠳᠦᠰᠦᠲᠡᠨ ᠤ ᠭᠠᠵᠠᠷ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠢᠯᠡ ᠲᠣᠳᠣ ᠭᠤᠣᠯ ᠱᠤᠭᠤᠮ ᠪᠣᠯᠭᠠᠵᠤ᠂ ︽ᠥᠪᠥᠷ ᠮᠣᠩᠭᠤᠯ ᠤᠨ ᠪᠦᠯᠦᠭ︾ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠦᠢᠯᠡᠴᠢᠯᠡᠭᠡᠨ ᠤ ᠶᠡᠭᠡ ᠲᠠᠯ᠎ᠠ ᠶᠢᠨ ᠦᠨ᠎ᠡ ᠥᠷᠲᠡᠭ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠵᠣᠬᠢᠶᠠᠨ ᠪᠠᠶᠢᠭᠤᠯᠬᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠦᠷᠭᠦᠯᠵᠢᠯᠡᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠺᠠᠳ᠋ᠷ ᠢ ᠰᠣᠩᠭᠤᠨ ᠪᠣᠶᠢᠵᠢᠭᠤᠯᠬᠤ ᠬᠡᠷᠡᠭᠴᠡᠭᠡ ᠲᠠᠢ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                                                                       ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2