ᠤᠯᠠᠭᠠᠨᠴᠠᠪ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ 14 ᠵᠦᠢᠯ ᠤᠨ ᠠᠷᠭ᠎ᠠ ᠬᠡᠮᠵᠢᠶ᠎ᠡ ᠠᠪᠴᠤ᠂ 4.26 ᠳ᠋ᠦᠩᠰᠢᠭᠤᠷ ᠲᠥᠭᠦᠷᠢᠭ ᠤᠨ ᠪᠡᠯᠡ ᠮᠥᠩᠭᠦᠨ ᠤ ᠳᠡᠮᠵᠢᠯᠭᠡ ᠣᠯᠪᠠ
ᠨᠡᠶᠢᠲᠡᠯᠡᠭᠰᠡᠨ ᠴᠠᠭ᠄
2024/3/11
    ᠮᠠᠨ ᠤ ᠬᠤᠲᠠ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠰᠢᠵᠢᠷ ᠠᠯᠲᠠᠨ ᠬᠤᠭᠤᠴᠠᠭ᠎ᠠ ᠪᠠᠨ ᠤᠭᠳᠤᠨ ᠠᠪᠴᠢᠷᠠᠪᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ︽ᠤᠯᠠᠭᠠᠨᠴᠠᠪ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠠᠶᠢᠭᠤᠯᠬᠤ ᠶᠢ ᠳᠡᠮᠵᠢᠬᠦ ᠲᠥᠰᠥᠯ︾ ᠢ ᠲᠤᠰᠬᠠᠢ ᠰᠡᠳᠦᠪ ᠢᠶᠠᠷ ᠲᠣᠭᠲᠠᠭᠠᠵᠤ᠂ ᠲᠥᠰᠥᠯ ᠳᠤ ᠦᠷ᠎ᠡ ᠶᠢᠨ ᠲᠦᠮᠦᠰᠦ᠂ ᠳᠠᠷᠢᠬᠤ᠂ ᠡᠳ᠋ᠰᠢᠭᠦᠯᠬᠦ᠂ ᠨᠠᠷᠠᠲᠤ ᠲᠡᠮᠳᠡᠭ ᠦᠢᠯᠡᠳᠬᠦ ᠵᠡᠷᠭᠡ 4 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 14 ᠵᠦᠢᠯ ᠤᠨ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠳᠡᠮᠵᠢᠬᠦ ᠪᠡᠯᠡ ᠮᠥᠩᠭᠦ ᠶᠢᠨ ᠪᠥᠬᠦ ᠲᠤᠭ᠎ᠠ 4.26 ᠳ᠋ᠦᠩᠰᠢᠭᠤᠷ ᠲᠥᠭᠦᠷᠢᠭ ᠲᠤ ᠬᠥᠷᠪᠡ᠃ ᠣᠳᠣᠬᠠᠨ ᠳᠤ᠂ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠠᠭ ᠲᠦᠷᠭᠡᠨ ᠢᠶᠠᠷ ᠠᠬᠢᠵᠤ ᠪᠤᠢ᠃     ᠲᠥᠮᠥᠰᠥ ᠪᠣᠯ ᠤᠯᠠᠭᠠᠨᠴᠠᠪ ᠬᠤᠳᠠ ᠶᠢᠨ ᠬᠠᠮᠤᠭ ᠤᠨ ᠣᠨᠴᠠᠯᠢᠭ ᠲᠠᠢ ᠠᠵᠤ ᠦᠢᠯᠡᠰ ᠪᠣᠯᠣᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠡᠭᠦᠯᠳᠡᠷ ᠢ ᠰᠣᠩᠭᠤᠨ ᠲᠠᠷᠢᠬᠤ ᠠᠴᠠ ᠲᠥᠮᠥᠰᠥ ᠡᠳ᠋ᠰᠢᠭᠦᠯᠬᠦ ᠠᠵᠤ ᠠᠬᠤᠶᠢᠯᠠᠯ ᠢ ᠪᠠᠶᠢᠷᠢᠰᠢᠭᠤᠯᠬᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠬᠦᠷᠲᠡᠯ᠎ᠡ᠂ ︽ᠳᠤᠮᠳᠠᠳᠤ ᠤᠯᠤᠰ ᠤᠨ ᠲᠥᠮᠥᠰᠥ ᠶᠢᠨ ᠬᠤᠳᠠ︾ ᠶᠢ ᠴᠣᠭᠴᠠᠯᠠᠬᠤ ᠶᠠᠪᠤᠴᠠ ᠳᠤ᠂ ᠤᠯᠠᠭᠠᠨᠴᠠᠪ ᠬᠤᠳᠠ ᠶᠢᠨ ᠲᠥᠮᠥᠰᠥ ᠶᠢᠨ ᠠᠵᠤ ᠦᠢᠯᠡᠰ ᠪᠠᠭ᠎ᠠ ᠠᠴᠠ ᠶᠡᠭᠡ᠂ ᠪᠠᠭᠤᠷᠠᠢ ᠠᠴᠠ ᠬᠦᠴᠦᠷᠬᠡᠭ ᠪᠣᠯᠵᠤ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠪᠠᠶᠢᠷᠢᠰᠢᠯ ᠢᠯᠡᠷᠡᠵᠡᠢ᠃ ᠬᠡᠳᠦᠨ ᠠᠷᠪᠠᠨ ᠵᠢᠯ ᠤᠨ ᠪᠣᠶᠢᠵᠢᠭᠤᠯᠤᠨ ᠬᠥᠭᠵᠢᠭᠦᠯᠬᠦ ᠪᠠᠷ ᠳᠡᠮᠵᠢᠨ᠂ ᠤᠯᠠᠭᠠᠨᠴᠠᠪ ᠨᠢᠭᠡᠨᠲᠡ ᠤᠯᠤᠰ ᠤᠨ ᠦᠷ᠎ᠡ ᠶᠢᠨ ᠲᠥᠮᠥᠰᠥ᠂ ᠲᠠᠸᠠᠷ ᠤᠨ ᠲᠥᠮᠥᠰᠥ ᠪᠠ ᠡᠳ᠋ᠰᠢᠭᠦᠯᠦᠨ ᠪᠣᠯᠪᠠᠰᠤᠷᠠᠭᠤᠯᠬᠤ ᠲᠤᠰᠬᠠᠢ ᠬᠡᠷᠡᠭᠯᠡᠭᠡᠨ ᠤ ᠲᠥᠮᠥᠰᠥ ᠶᠢᠨ ᠴᠢᠬᠤᠯᠠ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃     ᠣᠳᠣᠬᠠᠨ ᠳᠤ᠂ ᠮᠠᠨ ᠤ ᠬᠤᠲᠠ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠢᠳᠡᠪᠬᠢᠲᠡᠢ ᠪᠠᠷ ᠵᠠᠪᠳᠤᠨ ᠠᠳᠬᠤᠵᠤ᠂ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠰᠠᠶᠢᠨ ᠡᠭᠦᠯᠳᠡᠷ ᠢ ᠦᠷᠡᠵᠢᠭᠦᠯᠦᠨ ᠳᠡᠭᠡᠭᠰᠢᠯᠡᠭᠦᠯᠬᠦ᠂ ᠦᠷᠭᠡᠳᠭᠡᠨ ᠲᠠᠷᠢᠵᠤ ᠤᠨᠠᠯᠲᠠ ᠶᠢ ᠨᠡᠮᠡᠭᠳᠡᠭᠦᠯᠬᠦ᠂ ᠲᠥᠮᠥᠰᠥ  ᠶᠢ ᠪᠣᠯᠪᠠᠰᠤᠷᠠᠭᠤᠯᠤᠨ ᠬᠤᠪᠢᠷᠠᠭᠤᠯᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ  ᠶᠢ ᠡᠭᠦᠳᠬᠦ  ᠶᠢ ᠳᠡᠭᠡᠭᠰᠢᠯᠡᠭᠦᠯᠬᠦ ︽ᠲᠠᠪᠤᠨ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ︽ᠭᠤᠷᠪᠠᠨ ᠲᠥᠪ᠂ ᠭᠤᠷᠪᠠᠨ ᠰᠠᠭᠤᠷᠢᠨ᠂ ᠭᠤᠷᠪᠠᠨ ᠠᠵᠤ ᠦᠢᠯᠡᠰ ᠤᠨ ᠬᠦᠷᠢᠶᠡᠯᠡᠩ᠂ ᠭᠤᠷᠪᠠᠨ ᠲᠥᠪᠯᠡᠷᠡᠭᠰᠡᠨ ᠣᠷᠣᠨ᠂ ᠲᠠᠪᠤᠨ ᠪᠠᠷᠢᠮᠵᠢᠶᠠᠵᠢᠭᠤᠯᠤᠭᠰᠠᠨ ᠲᠠᠷᠢᠮᠠᠯ ᠤᠨ ᠵᠢᠱᠢᠶ᠎ᠡ ᠦᠵᠡᠭᠦᠯᠬᠦ ᠪᠦᠰᠡ︾ ᠶᠢ ᠪᠠᠶᠢᠭᠤᠯᠬᠤ ᠪᠠᠷ ᠳᠡᠮᠵᠢᠨ᠂ ᠲᠥᠮᠥᠰᠥᠨ ᠤ ᠠᠵᠤ ᠦᠢᠯᠡᠰ ᠤᠨ ᠬᠡᠯᠪᠡᠷᠢ ᠪᠠᠨ ᠲᠦᠷᠭᠡᠨ ᠬᠤᠪᠢᠷᠠᠭᠤᠯᠤᠨ ᠲᠠᠰ ᠳᠡᠪᠰᠢᠭᠰᠡᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠦᠷ᠎ᠡ ᠪᠦᠲᠦᠮᠵᠢ ᠶᠢ ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠦᠨ᠎ᠡ᠃ ᠣᠳᠣᠬᠠᠨ ᠳᠤ᠂ ᠲᠥᠮᠥᠰᠥᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢᠭᠡᠨᠲᠡ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠨ ᠳᠠᠭᠤᠰᠬᠠᠪᠠ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤ ᠨᠢᠭᠡᠨᠲᠡ ᠤᠯᠤᠰ ᠤᠨ ᠲᠠᠰ ᠤᠨ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠠᠩᠬ᠎ᠠ ᠠᠯᠬᠤᠮ ᠪᠠᠶᠢᠭᠤᠯᠵᠤ᠂ ᠱᠠᠩᠳᠤ ᠰᠢᠶᠠᠨ ᠨᠢᠭᠡᠨᠲᠡ ᠤᠯᠤᠰ ᠤᠨ ᠣᠷᠣᠨ ᠪᠦᠰᠡ ᠶᠢᠨ ᠴᠢᠨᠠᠷᠲᠠᠢ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠪᠡ︔ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠲᠥᠮᠥᠰᠥ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠬᠢᠨᠠᠨ ᠰᠢᠯᠭᠠᠵᠤ ᠮᠠᠭᠠᠳᠯᠠᠨ ᠲᠣᠭᠲᠠᠭᠠᠯᠳᠠ ᠶᠢ ᠦᠩᠭᠡᠷᠡᠭᠡᠬᠦ ᠶᠢᠨ ᠬᠠᠮᠳᠤ ᠫᠠᠶᠢᠰᠠ ᠡᠯᠭᠦᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠥᠮᠥᠰᠥᠨ ᠪᠣᠣᠪᠤ ᠶᠢ ᠡᠳ᠋ᠰᠢᠭᠦᠯᠦᠨ ᠪᠣᠯᠪᠠᠰᠤᠷᠠᠭᠤᠯᠬᠤ ᠲᠥᠪᠯᠡᠷᠡᠭᠰᠡᠨ ᠣᠷᠣᠨ᠂ ᠱᠠᠩᠳᠤ ᠰᠢᠶᠠᠨ ᠪᠠ ᠬᠤᠸᠠᠳᠧ ᠰᠢᠶᠠᠨ ᠤ ᠲᠥᠮᠥᠰᠥᠨ ᠤ ᠴᠠᠷᠳᠠᠭᠤᠯ ᠵᠢᠴᠢ ᠬᠤᠪᠢᠷᠠᠮᠠᠯ ᠴᠠᠷᠳᠠᠭᠤᠯ ᠢ ᠡᠳ᠋ᠰᠢᠭᠦᠯᠦᠨ ᠪᠣᠯᠪᠠᠰᠤᠷᠠᠭᠤᠯᠬᠤ ᠲᠥᠪᠯᠡᠷᠡᠭᠰᠡᠨ ᠣᠷᠣᠨ ᠨᠢᠭᠡᠨᠲᠡ ᠠᠩᠬ᠎ᠠ ᠠᠯᠬᠤᠮ ᠬᠡᠪᠴᠢᠶ᠎ᠡ ᠲᠠᠢ ᠪᠣᠯᠪᠠ︔ ᠳᠥᠷᠪᠡᠳ ᠬᠤᠰᠢᠭᠤ᠂ ᠱᠠᠩᠳᠤ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠬᠤᠰᠢᠭᠤ ᠰᠢᠶᠠᠨ ᠳᠤ᠂ ᠲᠥᠮᠥᠰᠥ ᠶᠢᠨ ᠮᠢᠩᠭᠠᠨ ᠮᠦ ᠠᠴᠠ ᠳᠡᠭᠡᠭᠰᠢᠬᠢ ᠲᠠᠷᠢᠮᠠᠯ ᠤᠨ ᠵᠢᠱᠢᠶ᠎ᠡ ᠦᠵᠡᠭᠦᠯᠬᠦ ᠬᠡᠰᠡᠭ ᠢ 63 ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠲᠠᠯᠠᠪᠠᠶ  ᠨᠢ 9.6 ᠲᠦᠮᠡᠨ ᠮᠦ ᠪᠣᠯᠪᠠ᠃ ᠳᠤᠷᠠᠳᠤᠭᠤᠰᠢᠲᠠᠢ ᠵᠦᠢᠯ ᠭᠡᠪᠡᠯ᠂ 2023 ᠣᠨ ᠳᠤ᠂ ᠮᠠᠨ ᠤ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠲᠦᠷᠭᠡᠳᠴᠦ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠤᠯᠠᠮ ᠨᠢᠭᠡ ᠠᠯᠬᠤᠮ ᠲᠣᠪᠣᠶᠢᠮ᠎ᠠ ᠪᠣᠯᠵᠤ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 80 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠤᠨ 50% ᠣᠷᠴᠢᠮ ᠢ ᠡᠵᠡᠯᠡᠪᠡ᠃     ᠡᠨᠡ ᠵᠢᠯ᠂ ᠮᠠᠨ ᠤ ᠬᠤᠲᠠ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ︽ᠰᠠᠶᠢᠨ ᠡᠭᠦᠯᠳᠡᠷ ᠤᠨ ᠲᠥᠮᠥᠰᠥ᠂ ᠰᠠᠶᠢᠨ ᠰᠣᠷᠭᠤᠭ ᠢᠳᠡᠭᠡᠨ ᠤ ᠲᠥᠮᠥᠰᠥ᠂ ᠨᠠᠷᠢᠯᠢᠭ ᠡᠳ᠋ᠰᠢᠭᠦᠯᠦᠭᠰᠡᠨ ᠲᠥᠮᠥᠰᠥ︾ ᠲᠠᠷᠢᠬᠤ ᠪᠠᠷ ᠬᠠᠷᠠᠯᠲᠠ ᠪᠠᠨ ᠪᠣᠯᠭᠠᠵᠤ᠂ ᠲᠥᠮᠥᠰᠥ ᠶᠢᠨ ᠳᠡᠭᠡᠳᠦ ᠳᠤᠮᠳᠠ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠢ ᠦᠷᠭᠦᠯᠵᠢᠯᠡᠨ ᠴᠢᠩᠭᠠᠳᠬᠠᠵᠤ᠂ ᠲᠥᠮᠥᠰᠥ ᠭᠡᠬᠦ ᠡᠨᠡᠬᠦ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠢ ᠲᠤᠰᠬᠠᠢ ᠬᠡᠷᠡᠭᠯᠡᠭᠡᠨ ᠤ ᠲᠥᠮᠥᠰᠥ ᠶᠢᠨ ᠲᠥᠷᠥᠯ ᠵᠦᠢᠯ ᠢᠶᠠᠷ ᠲᠣᠪᠣᠶᠢᠮ᠎ᠠ᠂ ᠳᠠᠷᠢᠬᠤ ᠪᠠᠷᠢᠮᠵᠢᠶ᠎ᠠ ᠨᠢ ᠵᠢᠷᠤᠮᠵᠢᠯ ᠲᠠᠢ᠂ ᠪᠣᠯᠪᠠᠰᠤᠷᠠᠭᠤᠯᠤᠯᠲᠠ ᠨᠢ ᠭᠦᠨᠵᠡᠭᠡᠶᠢᠷᠡᠭᠰᠡᠨ᠂ ᠭᠦᠢᠯᠭᠡᠭᠡᠨ ᠤ ᠰᠢᠰᠲ᠋ᠧᠮᠵᠢ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ  ᠨᠢ ᠲᠡᠷᠢᠭᠦᠨ ᠳᠤ ᠣᠷᠣᠭᠰᠠᠨ᠂ ᠠᠵᠤ ᠦᠢᠯᠡᠰ ᠤᠨ ᠬᠡᠯᠬᠢᠶ᠎ᠡ ᠨᠢ ᠪᠦᠷᠢᠨ ᠪᠦᠲᠦᠨ᠂ ᠦᠢᠯᠡᠳᠪᠦᠷᠢᠯᠡᠬᠦ ᠴᠢᠳᠠᠪᠤᠷᠢ  ᠨᠢ ᠵᠠᠭᠤᠨ ᠲᠦᠮᠡᠨ ᠲᠣᠨ ᠠᠴᠠ ᠳᠠᠪᠠᠭᠰᠠᠨ᠂ ᠦᠢᠯᠡᠳᠬᠦᠨ ᠤ ᠥᠷᠲᠡᠭ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ︽ᠬᠤᠣᠰ ᠵᠠᠭᠤᠨ ᠲᠠᠰ︾ ᠤᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾ ᠶᠢ ᠲᠠᠯᠠᠪᠠᠶ ᠨᠢ ᠶᠡᠭᠡ ᠪᠠᠶᠢᠭᠰᠠᠨ ᠠᠴᠠ ᠨᠢ ᠠᠵᠤ ᠦᠢᠯᠡᠰ ᠨᠢ ᠬᠦᠴᠦᠷᠬᠡᠭ ᠪᠣᠯᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2