ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/11
  1 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠮ ᠵᠠᠰᠠᠭ ᠤᠨ ᠪᠠᠶᠢᠭᠤᠯᠭ᠎ᠠ ᠶᠢᠨ ᠭᠠᠮᠨᠠᠵᠤ ᠠᠮᠢᠳᠤᠷᠠᠬᠤ ᠳᠠᠳᠬᠠᠯ ᠶᠢ ᠠᠬᠢᠭᠤᠯᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ︽ᠨᠠᠢᠮᠠ ᠶᠢ ᠪᠠᠷᠢᠮᠲᠠᠯᠠᠬᠤ︾ ᠦᠨᠳᠦᠰᠦᠨ ᠴᠢᠬᠤᠯᠠ ᠠᠭᠤᠯᠭ᠎ᠠ ᠶᠢ ᠭᠦᠨᠵᠡᠭᠡᠢ ᠡᠵᠡᠮᠳᠡᠵᠦ᠂ ᠮᠥᠩᠭᠦᠨ ᠭᠦᠢᠯᠭᠡᠭᠡᠨ ᠤ ᠰᠡᠳᠬᠢᠬᠦᠢ ᠪᠠ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠣᠨᠴᠠᠭᠠᠶᠢᠯᠠᠨ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠳᠤ ᠳᠡᠭᠡᠳᠦ ᠬᠡᠮᠵᠢᠶᠡᠨ ᠤ ᠰᠡᠷᠭᠡᠭ ᠪᠠᠶᠢᠵᠤ᠂ ᠡᠪᠡᠳᠴᠢᠯᠡᠬᠦ ᠠᠴᠠ ᠡᠮᠦᠨ᠎ᠡ ᠵᠠᠰᠠᠵᠤ᠂ ᠡᠮᠦᠨ᠎ᠡ ᠲᠠᠯ᠎ᠠ ᠶᠢ ᠠᠳᠬᠤᠵᠤ᠂ ᠡᠷᠲᠡ ᠢᠯᠭᠠᠨ ᠲᠠᠨᠢᠵᠤ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠠᠯᠪᠠᠨ ᠶᠠᠪᠤᠳᠠᠯ ᠤᠨ ᠵᠣᠴᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠤ ᠲᠠᠯ᠎ᠠ ᠪᠠᠷ ᠪᠦᠷᠢᠯᠭᠡᠨ ᠰᠦᠢᠳᠬᠡᠬᠦ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠠᠷᠪᠢᠯᠠᠨ ᠭᠠᠮᠨᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2