ᠬᠤᠲᠠ ᠶᠢᠨ ᠤᠳᠤᠷᠢᠳᠤᠯᠭ᠎ᠠ ᠠᠭᠤᠷᠬᠠᠢ ᠶᠢ ᠵᠠᠰᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
    3 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠷᠬᠠᠢ ᠶᠢ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠣᠷᠣᠯᠴᠠᠵᠠᠢ᠃     ᠬᠤᠷᠠᠯ ᠠᠴᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠨ ᠨᠧᠩ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠶᠢᠨ ᠫᠧᠨ ᠭᠠᠵᠠᠷ ᠣᠷᠣᠨ ᠤ ᠳ᠋ᠠᠯᠢ ᠴᠢᠯᠠᠭᠤᠯᠢᠭ ᠤᠨ ᠠᠭᠤᠷᠬᠠᠢ᠂ ᠵᠦᠩ ᠨᠠᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠪᠦᠦ ᠡᡁᠸ ᠲᠠᠩ ᠤᠨ ᠴᠣᠬᠤᠢ ᠶᠢᠨ ᠴᠢᠯᠠᠭᠤ ᠶᠢᠨ ᠠᠭᠤᠷᠬᠠᠢ᠂ ᠤᠯᠠᠭᠠᠨᠴᠠᠪ ᠤᠨ ᠶᠤᠸᠠᠨ ᠯᠢ ᠠᠵᠤ ᠠᠬᠤᠢ ᠠᠷᠠᠯᠵᠢᠶᠠᠨ ᠤ ᠺᠣᠮᠫᠠᠨᠢ ᠶᠢᠨ ᠳ᠋ᠠ ᠪᠧᠢ ᠭᠧᠦ ᠶᠢᠨ ᠪᠠᠢ ᠶᠦᠨ ᡁᠢ ᠳ᠋ᠠᠯᠢ ᠴᠢᠯᠠᠭᠤᠯᠢᠭ ᠤᠨ ᠠᠭᠤᠷᠬᠠᠢ᠂ ᠵᠢᠩ ᠨᠧᠩ ᠴᠠᠬᠢᠯᠭᠠᠨ ᠬᠦᠴᠦᠨ ᠤ ᠠᠷᠤ ᠲᠠᠯ᠎ᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠣᠬᠤᠢ ᠶᠢᠨ ᠴᠢᠯᠠᠭᠤ ᠶᠢᠨ ᠠᠭᠤᠷᠬᠠᠢ ᠵᠡᠷᠭᠡ ᠠᠭᠤᠷᠬᠠᠢ ᠶᠢ ᠨᠡᠭᠡᠭᠡᠨ ᠮᠠᠯᠲᠠᠬᠤ ᠪᠠ ᠵᠠᠰᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠢᠦᠢ ᠬᠠᠢ ᠴᠧᠩ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠬᠥᠭᠵᠢᠯᠲᠡ ᠶᠢᠨ ᠠᠵᠠ ᠲᠣᠬᠢᠶᠠᠯ ᠪᠣᠯᠣᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠷᠢᠴᠠᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠲᠠᠬᠢᠨ ᠢᠯᠡᠷᠡᠬᠦ ᠦᠭᠡᠢ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2