ᠬᠤᠲᠠ ᠶᠢᠨ ᠤᠳᠤᠷᠢᠳᠤᠯᠭ᠎ᠠ ᠲᠤᠰᠬᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/12
    3 ᠰᠠᠷ᠎ᠠ ᠶᠢᠨ 8 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠬᠤᠷᠠᠯ ᠡᠷᠭᠢᠯᠡᠨ ᠬᠤᠷᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯ ᠤᠳᠤᠷᠢᠳᠤᠯᠭ᠎ᠠ ᠶᠢᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ᠂ 2024 ᠣᠨ ᠤ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠥᠭᠡᠷᠡᠴᠢᠯᠡᠯᠲᠡ ᠶᠢᠨ ᠡᠭᠦᠷᠭᠡ᠂ ᠬᠢᠨᠠᠯᠲᠠ ᠲᠠᠯᠪᠢᠵᠤ ᠨᠡᠪᠲᠡᠷᠡᠭᠦᠯᠬᠦ ᠲᠠᠪᠴᠠᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ ᠵᠡᠷᠭᠡ ᠳᠤ ᠲᠣᠬᠢᠷᠠᠭᠤᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃     ᠢᠦᠢ ᠬᠠᠢ ᠴᠧᠩ᠂ ᠬᠠᠷᠠᠯᠲᠠ ᠪᠠᠷ ᠬᠥᠲᠥᠯᠥᠨ ᠳᠠᠭᠠᠭᠤᠯᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠳᠤᠲᠠᠭᠤᠳᠠᠯ ᠢ ᠨᠥᠬᠦᠪᠦᠷᠢᠯᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠤ᠂ ᠭᠤᠣᠯᠳᠠᠯᠭ᠎ᠠ ᠲᠠᠢ ᠠᠵᠢᠯ ᠤᠨ ᠦᠷ᠎ᠡ ᠪᠦᠲᠦᠮᠵᠢ ᠰᠢᠨ᠎ᠡ ᠲᠠᠪᠰᠢᠯᠳᠠ ᠲᠠᠢ ᠪᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠡᠴᠡᠷᠯᠢᠭ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2