ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2024/3/12
    ᠨᠢᠭᠡ ᠳᠤ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠰᠢᠢᠳᠪᠦᠷᠢᠯᠡᠬᠦ︾᠂ ︽ᠨᠢᠭᠡ ᠲᠦᠷᠦᠯ ᠤᠨ ᠶᠠᠪᠤᠳᠠᠯ ᠢ ᠨᠢᠭᠡ ᠦᠷᠲᠡᠭᠡ ᠳᠤ ᠰᠢᠢᠳᠪᠦᠷᠢᠯᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠡ᠃     ᠬᠤᠶᠠᠷ ᠲᠤ ᠠᠵᠤ ᠠᠬᠤᠶᠢᠯᠠᠯ ᠤᠨ ᠭᠤᠣᠯᠴᠢ ᠪᠠᠷ ᠥᠷᠢᠰᠦᠯᠳᠦᠬᠦ ᠡᠮᠬᠢ ᠵᠢᠷᠤᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠨ᠎ᠠ᠃     ᠭᠤᠷᠪᠠ ᠳᠤ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠳᠤ ᠴᠢᠨᠠᠷ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠳᠤ ᠪᠠᠷᠢᠮᠵᠢᠶ᠎ᠠ ᠲᠠᠢ ᠮᠥᠷᠲᠡᠭᠡᠨ ᠬᠠᠯᠠᠭᠤᠨ ᠳᠤᠯᠠᠭᠠᠨ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠲᠠᠢ ᠬᠥᠮᠥᠰ ᠢ ᠰᠠᠭᠠᠳ ᠦᠭᠡᠢ ᠪᠠᠶᠢᠯᠭᠠᠵᠤ᠂ ᠢᠲᠡᠭᠡᠯ ᠠᠯᠳᠠᠭᠰᠠᠳ ᠢ ᠨᠢᠭᠡ ᠠᠯᠬᠤᠮ ᠴᠤ ᠶᠠᠪᠤᠬᠤ ᠶᠢᠨ ᠠᠷᠭ᠎ᠠ ᠦᠭᠡᠢ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠵᠡᠩᠨᠡᠯᠲᠡ ᠶᠢᠨ ᠭᠤᠣᠯ ᠴᠣᠭᠴᠠ ᠶᠢ ᠦᠨᠡᠨ ᠬᠦ ᠬᠠᠮᠠᠭᠠᠯᠠᠨ᠎ᠠ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2