ᠡᠷᠡᠯᠬᠡᠭᠯᠡᠨ ᠤᠷᠤᠭᠰᠢᠯᠠᠵᠤ ᠰᠢᠨ᠎ᠡ ᠪᠠᠶᠢᠳᠠᠯ ᠢ ᠨᠡᠭᠡᠭᠡᠨ ᠰᠢᠨ᠎ᠡ ᠶᠢ ᠡᠭᠦᠳᠴᠦ ᠪᠣᠳᠠᠲᠠᠢ ᠪᠠᠷ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/3/12
ᠴᠠᠭ᠄ 2024-01-31ᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠬᠤᠶᠳᠤᠪᠴᠢ ᠠᠭᠤᠯᠭ᠎ᠠ     ᠱᠠᠩᠳᠤ ᠰᠢᠶᠠᠨ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠦᠨᠡᠨᠬᠦ ᠰᠠᠶᠢᠲᠤᠷ ᠳᠤᠭᠤᠰᠢᠯᠠᠭᠤᠯᠵᠤ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ︽ᠲᠤᠯᠤᠭᠠᠨ ᠲᠠᠯ᠎ᠠ︾ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠦᠬᠦ ᠬᠤᠳᠠ ᠶᠢᠨ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠠᠪᠰᠢᠬᠤ ᠪᠠᠷ ᠴᠢᠷᠮᠠᠶᠢᠬᠤ︾ ᠬᠠᠷᠠᠯᠲᠠ ᠶᠢ ᠪᠡᠶᠡᠯᠡᠭᠦᠯᠬᠦ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠪᠣᠯᠣᠨ᠎ᠠ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠤᠨ ᠪᠤᠰᠤᠳᠴᠢ ᠪᠣᠳᠠᠲᠤ ᠪᠠᠶᠢᠳᠠᠯ ᠢ ᠵᠠᠳᠠᠯᠵᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠪᠦᠬᠦ ᠲᠠᠯ᠎ᠠ ᠪᠠᠷ ᠪᠣᠳᠠᠲᠠᠢ ᠶᠢ ᠡᠷᠬᠢᠮᠯᠡᠵᠦ᠂ ᠳᠡᠭᠡᠳᠦ ᠬᠡᠮᠵᠢᠶ᠎ᠡ ᠲᠠᠢ᠂ ᠭᠦᠨᠴᠡ ᠲᠠᠢ᠂ ᠡᠷᠴᠢᠮ ᠲᠠᠢ᠂ ᠳᠤᠯᠠᠭᠠᠴᠠ ᠲᠠᠢ ᠰᠠᠶᠢᠨ ᠮᠡᠳᠡᠭᠦᠯᠦᠯᠲᠡ ᠪᠣᠯᠣᠨ᠎ᠠ︾᠃ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠬᠤᠶ ᠰᠣᠷᠪᠤᠯᠵᠢᠯᠠᠭ᠎ᠠ ᠬᠦᠯᠢᠶᠡᠬᠦ ᠳᠡᠭᠡᠨ ᠬᠡᠯᠡᠭᠰᠡᠨ ᠨᠢ᠂ ᠡᠨᠡ ᠵᠢᠯ᠂ ᠱᠠᠩᠳᠤ ᠰᠢᠶᠠᠨ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠦᠨᠡᠨᠬᠦ ᠰᠠᠶᠢᠲᠤᠷ ᠳᠤᠭᠤᠰᠢᠯᠠᠭᠤᠯᠵᠤ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ︽ᠲᠤᠯᠤᠭᠠᠨ ᠲᠠᠯ᠎ᠠ︾ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠦᠬᠦ ᠬᠤᠳᠠ ᠶᠢᠨ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠠᠪᠰᠢᠬᠤ ᠪᠠᠷ ᠴᠢᠷᠮᠠᠶᠢᠬᠤ︾ ᠬᠠᠷᠠᠯᠲᠠ ᠶᠢ ᠪᠡᠶᠡᠯᠡᠭᠦᠯᠬᠦ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠪᠣᠯᠣᠨ᠎ᠠ᠃     ᠶᠠᠩ ᠸᠧᠨ ᠡᠾᠦ᠋ᠢ᠄ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠱᠠᠩᠳᠤ ᠰᠢᠶᠠᠨ ᠪᠦᠬᠦ ᠬᠤᠳᠠ ᠲᠠᠢ ᠬᠠᠮᠲᠤᠪᠠᠷ ᠨᠡᠯᠢᠶᠡᠳ ᠰᠠᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠣᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠦᠢᠯᠡᠰ ᠤᠨ ᠪᠦᠲᠦᠴᠡ ᠨᠡᠩ ᠰᠢᠯᠢᠳᠡᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠪᠠᠲᠤᠵᠢᠵᠠᠢ᠃     ᠶᠠᠩ ᠸᠧᠨ ᠾᠦᠢ᠄ ᠲᠠᠷᠠᠭᠠᠴᠢ ᠶᠢᠨ ᠠᠯᠬᠤᠮ ᠳᠤ ᠠᠵᠢᠯ ᠤᠨ ᠭᠤᠣᠯᠳᠠᠯᠭ᠎ᠠ ᠪᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠬᠦᠷᠢᠶ᠎ᠡ ᠪᠠ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠡᠭᠡᠷ᠎ᠡ ᠲᠠᠯᠪᠢᠵᠤ᠂ ᠱᠠᠩᠳᠤ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠲᠣᠭᠲᠠᠭᠤᠨ ᠪᠠᠶᠢᠯᠭᠠᠬᠤ᠂ ᠤᠷᠤᠭᠰᠢᠯᠠᠬᠤ᠂ ᠪᠠᠶᠢᠭᠤᠯᠬᠤ︾ ᠭᠤᠷᠪᠠᠨ ᠠᠵᠢᠯ ᠢ ᠰᠠᠶᠢᠲᠤᠷ ᠬᠢᠨ᠎ᠡ᠂ ᠪᠣᠳᠠᠲᠠᠢ ᠪᠠᠷ ᠬᠡᠯᠡᠪᠡᠯ᠄ ︽ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠨ᠎ᠡ᠃ ︽ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠷᠢᠮᠲᠠᠯᠠᠨ᠂ ᠭᠤᠷᠪᠠᠨ ᠬᠠᠪᠴᠢᠯ ᠤᠨ 50 ᠲᠦᠮᠡᠨ ᠺᠢᠯᠣᠸᠠᠲ ᠤᠨ ᠡᠬᠢ ᠰᠤᠷᠪᠤᠯᠵᠢ ᠳᠤᠤᠷ ᠳᠠᠭᠠᠭᠠᠴᠠ ᠨᠦᠬᠡᠴᠡ ᠶᠢ ᠨᠢᠭᠡ ᠴᠣᠭᠴᠠᠵᠢᠭᠤᠯᠬᠤ ᠵᠡᠷᠭᠡ ᠶᠡᠷᠦᠩᠬᠡᠢ ᠪᠡᠯᠡ ᠣᠷᠣᠭᠤᠯᠤᠯᠲᠠ 519 ᠳ᠋ᠦᠩᠰᠢᠭᠤᠷ ᠲᠥᠭᠦᠷᠢᠭ ᠲᠤ ᠬᠦᠷᠬᠦ 17 ᠴᠢᠬᠤᠯᠠ ᠶᠡᠭᠡ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠡ᠃ ︽ᠲᠠᠪᠰᠢᠬᠤ︾ ᠠᠵᠢᠯ ᠢ ᠰᠠᠶᠢᠲᠤᠷ ᠬᠢᠨ᠎ᠡ᠃ ︽ᠨᠢᠭᠡ ᠲᠥᠮᠥᠰᠥ ᠬᠤᠶᠠᠷ ᠦᠬᠡᠷ ᠭᠤᠷᠪᠠᠨ ᠰᠢᠨ᠎ᠡ︾ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ ᠪᠤᠵᠠᠭᠠᠶᠢᠷᠠᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠯᠠᠨ ᠲᠢᠶᠠᠨ ᠹᠦ᠋ ᠵᠢᠩ ᠲᠠᠩ ᠤᠨ ᠲᠥᠮᠥᠰᠥ ᠶᠢᠨ ᠪᠦᠬᠦ ᠲᠠᠯ᠎ᠠ ᠶᠢᠨ ᠦᠢᠯᠡᠳᠪᠦᠷᠢᠯᠡᠯ ᠤᠨ ᠱᠤᠭᠤᠮ᠂ ᠵᠧᠩ ᠰᠢᠨ ᠲᠥᠮᠥᠰᠥᠨ ᠵᠦᠰᠦᠮ ᠵᠡᠷᠭᠡ ᠲᠦᠷᠦᠯ ᠵᠦᠢᠯ ᠤᠨ ᠲᠣᠭᠤᠷᠢᠨ ᠳᠤ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ︔ ᠰᠢᠦᠢ ᠶᠠᠩ ᠪᠦᠯᠦᠭᠯᠡᠯ ᠤᠨ 20 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠤᠨ ᠲᠣᠭᠤᠷᠢᠨ ᠳᠤ᠂ ᠵᠠᠭᠤᠨ ᠳ᠋ᠦᠩᠰᠢᠭᠤᠷ ᠲᠠᠰ ᠤᠨ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡ ᠴᠣᠭᠴᠠᠵᠢᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ︔ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠵᠢᠯ ᠤᠨ ᠭᠠᠷᠤᠯᠳᠠ 10 ᠲᠦᠮᠡᠨ ᠲᠣᠨ ᠥᠩᠭᠡ ᠦᠵᠡᠮᠵᠢ ᠶᠢᠨ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ ᠲᠣᠭᠤᠷᠢᠨ ᠳᠤ᠂ ᠥᠩᠭᠡ ᠦᠵᠡᠮᠵᠢ ᠶᠢᠨ ᠤᠰᠤᠲᠥ᠋ᠷᠥᠭᠴᠢ ᠶᠢ ᠨᠥᠭᠡᠴᠡᠯᠡᠬᠦ ᠠᠵᠤ ᠦᠢᠯᠡᠰ ᠤᠨ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠨᠧᠩ ᠬᠦᠨᠳᠦ ᠠᠵᠤ ᠦᠢᠯᠡᠳᠪᠦᠷᠢ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠭᠠᠷᠤᠯᠲᠠ ᠪᠠᠨ ᠨᠡᠮᠡᠭᠳᠡᠭᠦᠯᠦᠨ ᠡᠨᠧᠷᠭᠢ ᠪᠠᠨ ᠥᠷᠭᠡᠳᠬᠡᠬᠦ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠪᠥᠬᠦ ᠠᠵᠤ ᠦᠢᠯᠡᠰ ᠤᠨ ᠬᠡᠯᠬᠢᠶᠡᠵᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠪᠠᠶᠢᠭᠤᠯᠬᠤ︾ ᠠᠵᠢᠯ ᠢ ᠰᠠᠶᠢᠲᠤᠷ ᠬᠢᠨ᠎ᠡ᠃ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠭᠠᠨᠨᠠᠭᠤᠷ ᠤᠨ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠤᠷᠢᠳᠤᠬᠢ ᠪᠠᠨ ᠪᠠᠷᠠᠯᠠᠬᠤᠶ᠎ᠠ᠂ ᠶᠠᠩ ᠸᠧᠨ ᠡᠾᠦ᠋ᠢ ᠢᠲᠡᠭᠡᠯ ᠳᠦᠭᠦᠷᠡᠩ ᠪᠠᠶᠢᠵᠤ᠂ 2024 ᠣᠨ ᠳᠤ ᠱᠠᠩᠳᠤ ᠰᠢᠶᠠᠨ ᠤ ᠬᠥᠭᠵᠢᠯᠲᠡ ᠶᠢᠨ ᠶᠠᠰᠤ ᠴᠢᠨᠠᠷ ᠨᠡᠩ ᠳᠡᠭᠡᠭᠰᠢᠯᠡᠵᠦ᠂ ᠠᠮᠢᠵᠢᠷᠠᠯ ᠤᠨ ᠬᠦᠴᠦᠨ ᠨᠡᠩ ᠴᠢᠩᠭᠠᠷᠠᠵᠤ᠂ ᠨᠥᠭᠡᠴᠡ ᠬᠦᠴᠦᠨ ᠨᠡᠩ ᠲᠡᠭᠦᠯᠳᠡᠷ ᠪᠣᠯᠵᠤ᠂ ︽ᠲᠣᠭᠲᠠᠭᠤᠨ︾ ᠤ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠬᠥᠭᠵᠢᠭᠡᠵᠦ᠂ ︽ᠪᠠᠶᠢᠭᠤᠯᠬᠤ︾ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ︽ᠡᠪᠳᠡᠬᠦ︾ ᠰᠥᠰᠥ ᠵᠣᠷᠢᠭ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠯᠣᠨ᠎ᠠ ᠭᠡᠵᠦ ᠢᠯᠡᠳᠬᠡᠪᠡ᠃                                        ᠤᠷᠴᠢᠭᠤᠯᠤᠭᠴᠢ᠄ ᠬᠦᠰᠡᠯ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2