ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ ᠰᠢᠨ᠎ᠡ ᠠᠶᠠᠨ ᠢ ᠡᠬᠢᠯᠡᠭᠦᠯᠤᠨ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2024/3/12
ᠴᠠᠭ 2024-02-09 14: 30ᠰᠤᠷᠪᠤᠯᠵᠢᠯᠠᠭ᠎ᠠ ᠬᠦᠯᠢᠶᠡᠭᠴᠢ᠄ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠢ ᠳ᠋ᠦᠩᠳᠤᠪᠴᠢ ᠠᠭᠤᠯᠭ᠎ᠠ     ᠰᠢᠩ ᠾᠧ ᠰᠢᠶᠠᠨ ᠤ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠤᠣᠯᠳᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠦᠨᠡᠨᠬᠦ ᠣᠨᠣᠪᠴᠢᠲᠠᠢ ᠣᠯᠵᠤ᠂ ᠠᠵᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠢᠨ ᠲᠠᠩᠰᠠᠵᠢᠭᠤᠯᠤᠨ ᠵᠢᠭᠰᠠᠭᠠᠬᠤ᠂ ᠲᠦᠷᠦᠯ ᠵᠦᠢᠯᠵᠢᠭᠦᠯᠦᠨ ᠠᠬᠢᠭᠤᠯᠬᠤ᠂ ᠬᠠᠷᠢᠭᠤᠴᠠᠯᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠡ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠦᠭᠡ ᠥᠭᠦᠯᠡᠪᠦᠷᠢ ᠳᠤ ᠬᠥᠭᠵᠢᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠢᠲᠡᠭᠡᠯ ᠵᠣᠷᠢᠭ᠂ ᠠᠷᠠᠳ ᠤᠨ ᠠᠮᠢᠳᠤᠷᠠᠯ ᠢ ᠠᠩᠬᠠᠷᠬᠤ ᠰᠡᠳᠬᠢᠯᠭᠡ ᠪᠢᠯᠬᠠᠵᠤ᠂ ᠬᠥᠮᠥᠰ ᠲᠤ ᠲᠤᠶᠢᠯ ᠤᠨ ᠳᠣᠲᠣᠨᠣ ᠰᠠᠨᠠᠭᠳᠠᠵᠤ᠂ ᠲᠤᠶᠢᠯ ᠤᠨ ᠶᠡᠭᠡ ᠪᠠᠷ ᠵᠣᠷᠢᠭᠵᠢᠵᠤ ᠪᠠᠶᠢᠨ᠎ᠠ᠃ ᠢᠯᠡᠳᠬᠡᠯ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠯ ᠦᠭᠡᠢ ᠠᠳᠬᠤᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾᠃ ᠣᠷᠴᠢᠮᠬᠠᠨ ᠳᠤ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠢ ᠳ᠋ᠦᠩ ᠰᠣᠷᠪᠤᠯᠵᠢᠯᠠᠭ᠎ᠠ ᠬᠦᠯᠢᠶᠡᠪᠡ᠃     ᠯᠢ ᠺᠠᠢ ᠳ᠋ᠦᠩ᠄ ᠰᠢᠩ ᠾᠧ ᠰᠢᠶᠠᠨ ᠤ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠤᠣᠯᠳᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠦᠨᠡᠨᠬᠦ ᠣᠨᠣᠪᠴᠢᠲᠠᠢ ᠣᠯᠵᠤ᠂ ᠠᠵᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠢᠨ ᠲᠠᠩᠰᠠᠵᠢᠭᠤᠯᠤᠨ ᠵᠢᠭᠰᠠᠭᠠᠬᠤ᠂ ᠲᠦᠷᠦᠯ ᠵᠦᠢᠯᠵᠢᠭᠦᠯᠦᠨ ᠠᠬᠢᠭᠤᠯᠬᠤ᠂ ᠬᠠᠷᠢᠭᠤᠴᠠᠯᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃     ᠵᠢᠷᠤᠭ ᠲᠥᠰᠥᠪ ᠢ ᠨᠢᠭᠡᠨᠲᠡ ᠵᠢᠷᠤᠭᠯᠠᠪᠠ᠃ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ ᠰᠢᠩ ᠾᠧ ᠰᠢᠶᠠᠨ ᠤ ᠬᠢᠨ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠣᠯᠣᠨ᠎ᠠ᠃     ᠯᠢ ᠺᠠᠢ ᠳ᠋ᠦᠩ᠄ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠰᠢᠩ ᠾᠧ ᠰᠢᠶᠠᠨ ᠤ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠬᠥᠲᠥᠴᠢ᠂ ᠬᠡᠯᠬᠢᠶ᠎ᠡ ᠶᠢ ᠤᠷᠲᠤᠳᠬᠠᠨ᠂ ᠰᠦᠷᠦᠭᠵᠢᠯ ᠢ ᠨᠢᠭᠲᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠰᠣᠶᠣᠯ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠴᠢ ᠡᠨᠧᠷᠭᠢ᠂ ᠰᠢᠨ᠎ᠡ ᠳᠠᠪᠠᠭᠤᠯᠢᠭ᠂ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ ᠪᠣᠶᠢᠵᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠲᠤᠶᠢᠯ ᠢ ᠪᠣᠶ ᠪᠣᠯᠭᠠᠨ᠎ᠠ᠃     ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠬᠦᠴᠦᠯᠡᠨ ᠪᠠᠬᠢᠵᠢᠭᠦᠯᠦᠨ᠎ᠡ᠃ ᠰᠢᠩ ᠾᠧ ᠰᠢᠶᠠᠨ ︽ᠬᠤᠶᠠᠷ ᠠᠭᠤᠯᠠ︾  ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠭᠤᠷᠪᠠᠨ ᠤᠮᠠᠷᠠᠲᠤ︾  ᠶᠢᠨ ᠬᠠᠯᠬᠠᠪᠴᠢ ᠤᠢ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ᠂ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠤᠯᠤᠰ ᠤᠨ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠰᠡᠷᠭᠦᠭᠡᠯᠲᠡ ᠶᠢ ᠴᠢᠩᠭᠠᠳᠬᠠᠨ᠎ᠠ︔ ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠶᠢ ᠲᠦᠷᠭᠡᠳᠬᠡᠨ᠂ ᠣᠭᠲᠠᠷᠭᠤᠢ ᠶᠢ ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠠᠬᠤᠢ ᠶᠢ ᠨᠡᠩ ᠭᠤᠶᠢᠳᠠ ᠰᠠᠶᠢᠬᠠᠨ ᠪᠣᠯᠭᠠᠨ᠎ᠠ᠃     ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠰᠢᠩ ᠾᠧ ᠰᠢᠶᠠᠨ ᠤ ᠬᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠴᠢᠷ ᠪᠣᠯᠭᠠᠨ ᠢ ᠨᠠᠶᠢᠳᠠᠪᠤᠷᠢᠵᠢᠭᠤᠯᠬᠤ᠂ ᠤᠴᠢᠷ ᠪᠣᠯᠭᠠᠨ ᠢ ᠰᠠᠶᠢᠲᠤᠷ ᠬᠢᠬᠦ ᠶᠢ ᠪᠠᠲᠤᠯᠠᠵᠤ᠂ ᠠᠷᠠᠳ ᠤᠨ ᠠᠮᠢᠳᠤᠷᠠᠯ ᠳᠤ ᠲᠠᠰᠤᠷᠠᠯᠲᠠ ᠦᠭᠡᠢ ︽ᠲᠤᠭ᠎ᠠ ᠨᠡᠮᠡᠵᠦ︾ ᠂ ᠵᠣᠯ ᠵᠢᠷᠭᠠᠯ ᠳᠤ ︽ᠬᠤᠷᠳᠤᠴᠠ ᠨᠡᠮᠡᠵᠤ︾᠂ ᠠᠮᠢᠳᠤᠷᠠᠯ ᠳᠤ ︽ᠳᠤᠯᠠᠭᠠᠴᠠ ᠨᠡᠮᠡᠨ᠎ᠡ︾᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠎ᠡ᠃     ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ ᠰᠢᠨ᠎ᠡ ᠠᠶᠠᠨ ᠢ ᠡᠬᠢᠯᠡᠭᠦᠯᠤᠨ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠯᠢ ᠺᠠᠢ ᠳ᠋ᠦᠩ ᠢᠯᠡᠷᠬᠡᠶᠢᠯᠡᠬᠦ ᠳᠡᠭᠡᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠨᠡᠨᠴᠢ ᠰᠢᠳᠤᠷᠭᠤ ᠪᠠᠷ ᠰᠢᠷᠭᠠᠭᠤ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠤᠨ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ ᠲᠦᠷᠭᠡᠨ ᠨᠠᠶᠢᠳᠠᠪᠤᠷᠢᠵᠢᠭᠤᠯᠵᠤ᠂ ᠦᠨᠡᠨ ᠬᠦ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠩ ᠾᠧ ᠬᠦᠴᠦᠨ ᠴᠢᠳᠠᠯ ᠢᠶᠠᠨ ᠡᠷᠭᠦᠨ᠎ᠡ ᠭᠡᠵᠡᠢ᠃                                   ᠤᠷᠴᠢᠭᠤᠯᠤᠭᠴᠢ᠄ ᠬᠦᠰᠡᠯ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2