ᠴᠠᠭ᠄ 2024-02-02 | ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ | ᠳᠤᠪᠴᠢ ᠠᠭᠤᠯᠭ᠎ᠠ | 2024 ᠣᠨ ᠳᠤ᠂ ᠪᠢᠳᠡ ᠢᠯᠡᠳᠬᠡᠯ ᠳᠤ ᠳᠤᠷᠠᠳᠤᠭᠰᠠᠨ ︿ᠥᠪᠥᠷ ᠮᠣᠩᠭᠤᠯ ᠤᠨ ᠣᠨᠴᠠᠯᠢᠭ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠨᠠᠷᠢᠨ ᠨᠢᠮᠪᠠᠢ ᠪᠠᠶᠢᠭᠤᠯᠬᠤ﹀ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠬᠦ᠂ ᠬᠤᠶᠠᠳᠤᠭᠠᠷ ᠠᠵᠤ | ᠦᠢᠯᠡᠰ ᠢ ᠬᠦᠴᠦᠷᠬᠡᠭᠵᠢᠭᠦᠯᠬᠦ᠂ ᠭᠤᠷᠪᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ ᠶᠢ ᠪᠠᠷᠢᠮᠲᠠᠯᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠡ︾᠃ ᠨᠢᠭᠡᠳᠦᠭᠡᠷ | ᠠᠵᠤ ᠦᠢᠯᠡᠰ ᠤᠨ ᠪᠠᠶᠢᠷᠢ ᠶᠢ ᠳᠤᠭᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠢᠷᠢ ᠲᠦᠪᠰᠢᠨ ᠢ | ᠭᠤᠣᠯᠳᠠᠯᠭ᠎ᠠ ᠲᠠᠢ ᠠᠬᠢᠭᠤᠯᠵᠤ᠂ ︽ᠪᠤᠭᠤᠳᠠᠢ ᠨᠣᠭᠤᠭ᠎ᠠ ᠲᠥᠮᠥᠰᠥ᠂ ᠦᠬᠡᠷ ᠬᠤᠨᠢ ᠰᠦ︾ ᠵᠡᠷᠭᠡ ᠵᠢᠷᠭᠤᠭᠠᠨ | ᠶᠡᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ | ᠦᠷᠭᠦᠯᠵᠢᠯᠡᠨ ᠰᠢᠯᠢᠳᠡᠭᠵᠢᠭᠦᠯᠵᠦ᠂ ︽ᠵᠢᠷᠭᠤᠭᠠᠨ ᠶᠡᠭᠡ ᠠᠵᠢᠯᠯᠠᠭ᠎ᠠ︾ ᠶᠢ ᠲᠦᠷᠭᠡᠳᠬᠡᠨ ᠬᠡᠷᠡᠭᠵᠢᠭᠦᠯᠵᠦ᠂ | ᠳᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ︾ ᠶᠢ ᠭᠦᠨᠵᠡᠭᠡᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ︽ᠤᠤᠯ ᠠᠮᠳᠠᠳᠤ ᠤᠯᠠᠭᠠᠨᠴᠠᠪ︾ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠨᠡᠭᠡᠭᠡᠨ ᠬᠥᠭᠵᠢᠭᠦᠯᠵᠦ᠂ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | 2024 ᠣᠨ ᠤ ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠲᠥᠪ ᠷᠠᠳᠢᠣ᠋ ᠶᠢᠨ ᠰᠦᠯᠵᠢᠶ᠎ᠡ ᠶᠢᠨ ᠲᠤᠰᠬᠠᠢ ᠰᠣᠷᠪᠤᠯᠵᠢᠯᠠᠭ᠎ᠠ ᠶᠢ | ᠬᠦᠯᠢᠶᠡᠬᠦ ᠳᠡᠭᠡᠨ ᠢᠯᠡᠷᠬᠡᠶᠢᠯᠡᠭᠰᠡᠨ ᠨᠢ᠄ ︽2024 ᠣᠨ ᠳᠤ᠂ ᠪᠢᠳᠠ ᠢᠯᠡᠳᠬᠡᠯ ᠳᠤ ᠳᠤᠷᠠᠳᠤᠭᠰᠠᠨ ︿ᠥᠪᠥᠷ | ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠨᠠᠷᠢᠨ ᠨᠢᠮᠪᠠᠢ ᠪᠠᠶᠢᠭᠤᠯᠬᠤ﹀ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠬᠦ᠂ | ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠬᠦ᠂ ᠭᠤᠷᠪᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ ᠶᠢ | ᠪᠠᠷᠢᠮᠲᠠᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ︾ | ᠭᠡᠪᠡ᠃ | ᠨᠢᠭᠡᠳᠦᠭᠡᠷ ᠠᠵᠤ ᠦᠢᠯᠡᠰ ᠤᠨ ᠪᠠᠶᠢᠷᠢ ᠶᠢ ᠳᠤᠭᠳᠠᠪᠤᠷᠢᠵᠢᠭᠤᠯᠬᠤ ᠲᠠᠯ᠎ᠠ ᠪᠠᠷ᠂ ᠤᠯᠠᠭᠠᠨᠴᠠᠪ ᠲᠠᠷᠢᠶᠠᠯᠠᠩ ᠮᠠᠯ | ᠠᠵᠤ ᠠᠬᠤᠢ ᠶᠢᠨ ᠬᠢᠷᠢ ᠲᠦᠪᠰᠢᠨ ᠢ ᠭᠤᠣᠯᠳᠠᠯᠭ᠎ᠠ ᠲᠠᠢ ᠠᠬᠢᠭᠤᠯᠵᠤ᠂ ︽ᠪᠤᠭᠤᠳᠠᠢ ᠨᠣᠭᠤᠭ᠎ᠠ ᠲᠥᠮᠥᠰᠥ᠂ | ᠦᠬᠡᠷ ᠬᠤᠨᠢ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ︽ᠵᠢᠷᠭᠤᠭᠠᠨ ᠶᠡᠭᠡ ᠠᠵᠢᠯᠯᠠᠭ᠎ᠠ︾ ᠶᠢ | ᠲᠦᠷᠭᠡᠳᠬᠡᠨ ᠬᠡᠷᠡᠭᠵᠢᠭᠦᠯᠵᠦ᠂ ᠳᠠᠷᠢᠵᠤ ᠲᠡᠵᠢᠭᠡᠬᠦ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠶᠢ ᠭᠦᠨᠵᠡᠭᠡᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ︽ᠤᠤᠯ ᠠᠮᠳᠠᠳᠤ | ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠲᠠᠯ᠎ᠠ ᠪᠠᠷ ᠨᠡᠭᠡᠭᠡᠨ ᠬᠥᠭᠵᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ᠃ | | 2023 ᠣᠨ ᠤ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ | ᠡᠷᠭᠢᠴᠡᠭᠦᠯᠪᠡᠯ᠂ ᠣᠮᠣᠭᠰᠢᠯᠲᠠᠢ ᠠᠮᠵᠢᠯᠲᠠ ᠪᠦᠲᠦᠮᠵᠢ ᠣᠯᠵᠠᠢ᠄ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ | 709.6 ᠲᠦᠮᠡᠨ ᠮᠦ᠂ ᠠᠮᠤ ᠪᠤᠳᠠᠭᠠᠨ ᠤ ᠤᠨᠠᠯᠲᠠ 26.2 ᠳ᠋ᠦᠩᠰᠢᠭᠤᠷ ᠵᠢᠩ ᠳᠤ ᠬᠦᠷᠴᠦ᠂ ᠥᠪᠡᠷᠲᠡᠭᠡᠨ | ᠵᠠᠰᠠᠬᠤ ᠣᠷᠣᠨ ᠤ ᠪᠠᠭᠤᠯᠭᠠᠭᠰᠠᠨ ᠠᠮᠤ ᠪᠤᠳᠠᠭ᠎ᠠ ᠳᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ︔ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 1 ᠲᠦᠮᠡᠨ ᠮᠦ᠂ ᠦᠷ᠎ᠡ ᠶᠢᠨ ᠲᠥᠮᠥᠰᠥ ᠪᠠ ᠨᠣᠬᠠᠢ ᠶᠢᠨ ᠬᠤᠰᠢᠭᠤ ᠶᠢᠨ ᠰᠠᠶᠢᠨ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ 43 ᠲᠦᠮᠡᠨ ᠮᠦ ᠪᠠᠶᠢᠭᠤᠯᠪᠡ︔ ᠮᠢᠬᠠᠨ ᠤ | ᠵᠦᠢᠯ ᠢ 29.9 ᠲᠦᠮᠡᠨ ᠲᠣᠨ᠂ ᠰᠢᠨ᠎ᠡ ᠰᠦ ᠶᠢ 43.3 ᠲᠦᠮᠡᠨ ᠲᠣᠨ ᠦᠢᠯᠡᠳᠪᠦᠷᠢᠯᠡᠪᠡ︔ ᠲᠥᠮᠥᠰᠥ ᠶᠢᠨ | ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠡᠬᠢᠯᠡᠭᠦᠯᠦᠨ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠢᠶᠠᠷ ᠦᠨᠡᠯᠡᠭᠳᠡᠵᠦ᠂ ᠲᠥᠮᠥᠰᠥ ᠶᠢᠨ ᠠᠵᠤ ᠦᠢᠯᠡᠰ ᠲᠤ ᠦᠷ᠎ᠡ ᠶᠢᠨ ᠲᠥᠮᠥᠰᠥ ᠶᠢ | ᠦᠷᠡᠵᠢᠭᠦᠯᠦᠨ ᠪᠣᠶᠢᠵᠢᠭᠤᠯᠬᠤ᠂ ᠳᠠᠷᠢᠵᠤ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠵᠤ ᠪᠣᠷᠣᠯᠠᠭᠤᠯᠬᠤ ᠪᠥᠬᠦ | ᠬᠡᠯᠬᠢᠶ᠎ᠡ ᠶᠢᠨ ᠬᠥᠭᠵᠢᠯᠲᠡ ᠶᠢ ᠠᠩᠬ᠎ᠠ ᠠᠯᠬᠤᠮ ᠪᠡᠶᠡᠯᠡᠭᠦᠯᠪᠡ᠃ | ᠤᠯᠠᠭᠠᠨᠴᠠᠪ ᠬᠤᠲᠠ ᠠᠮᠤ ᠪᠤᠳᠠᠭᠠᠨ ᠤ ᠠᠮᠤᠷ ᠲᠦᠪᠰᠢᠨ᠂ ᠪᠣᠬᠢᠷᠲᠤᠯ ᠦᠭᠡᠢ ᠬᠠᠩᠭᠠᠯᠭ᠎ᠠ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠲᠥᠮᠥᠰᠥ ᠶᠢᠨ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠬᠦ︾ ︽ᠴᠡᠪᠡᠷ | ᠨᠣᠭᠤᠭ᠎ᠠ ᠶᠢ ᠪᠡᠭᠡᠵᠢᠩ ᠳᠤ ᠣᠷᠣᠭᠤᠯᠬᠤ︾ ︽ᠨᠣᠬᠠᠢ ᠶᠢᠨ ᠬᠤᠰᠢᠭᠤ ᠶᠢᠨ ᠠᠵᠤ ᠦᠢᠯᠡᠰ ᠢ ᠳᠡᠭᠡᠭᠰᠢᠯᠡᠭᠦᠯᠬᠦ︾ | ︽ᠠᠯᠠᠰᠢᠨ ᠦᠬᠡᠷ ᠤᠨ ᠰᠦᠷᠦᠭ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ︾ ︽ᠰᠦ ᠶᠢᠨ ᠦᠢᠯᠡᠰ ᠢ | ᠬᠥᠭᠵᠢᠭᠦᠯᠬᠦ︾ ︽ᠠᠯᠠᠰᠢᠨ ᠬᠤᠨᠢ ᠶᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ︾ ᠵᠢᠷᠭᠤᠭᠠᠨ ᠶᠡᠭᠡ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠥᠬᠦᠭᠡᠷᠦᠮᠵᠢ ᠪᠠᠶᠢᠭᠤᠯᠤᠨ ᠰᠠᠭᠤᠷᠢ ᠶᠢ ᠪᠠᠲᠤᠳᠬᠠᠵᠤ᠂ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ ᠶᠠᠰᠤ ᠴᠢᠨᠠᠷ ᠢ ᠪᠠᠲᠤᠯᠠᠵᠤ᠂ ᠳᠠᠪᠠᠭᠤᠯᠢᠭ ᠢ ᠪᠠᠳᠠᠷᠠᠭᠤᠯᠤᠨ | ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠠᠵᠤ ᠦᠢᠯᠡᠰ | ᠤᠯᠠᠮ ᠨᠢᠭᠡ ᠠᠯᠬᠤᠮ ᠬᠥᠭᠵᠢᠨ ᠪᠤᠵᠠᠭᠠᠶᠢᠷᠠᠵᠤ᠂ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ | ᠲᠡᠭᠦᠯᠳᠡᠷᠵᠢᠭᠦᠯᠦᠨ ᠤᠷᠲᠤᠳᠬᠠᠵᠤ᠂ ᠮᠠᠯ ᠠᠵᠤ ᠠᠬᠤᠢ ᠲᠠᠷᠢᠶᠠᠯᠠᠩ ᠠᠴᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠷᠢᠯᠡᠬᠦ ᠨᠢ | ᠨᠢᠭᠡᠨᠲᠡ ᠪᠣᠳᠠᠲᠤ ᠶᠠᠪᠤᠳᠠᠯ ᠪᠣᠯᠵᠠᠢ᠃ | ᠰᠠᠶᠢᠨ ᠦᠷ᠎ᠡ ᠶᠢᠨ ᠲᠠᠷᠢᠶᠠᠯᠠᠩ ᠢ ᠲᠤᠰᠠᠯᠠᠬᠤ ᠦᠷ᠎ᠡ ᠠᠰᠢᠭ ᠨᠡᠩ ᠲᠣᠪᠣᠶᠢᠮ᠎ᠠ ᠪᠣᠯᠪᠠ᠃ 2023 ᠣᠨ ᠳᠤ | ᠂ ᠤᠯᠠᠭᠠᠨᠴᠠᠪ ᠬᠤᠲᠠ ᠶᠢᠨ ᠨᠣᠬᠠᠢ ᠶᠢᠨ ᠬᠤᠰᠢᠭᠤ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠳᠤ | ᠴᠢᠬᠤᠯᠠ ᠶᠡᠭᠡ ᠰᠠᠶᠢᠨ ᠮᠡᠳᠡᠭᠡ ᠠᠪᠴᠢᠷᠡᠵᠤ᠂ ᠪᠡᠶ᠎ᠡ ᠪᠠᠨ ᠳᠠᠭᠠᠭᠠᠵᠤ ᠰᠣᠩᠭᠤᠨ ᠪᠣᠶᠢᠵᠢᠭᠤᠯᠤᠭᠰᠠᠨ ᠠᠮᠤ ᠪᠤᠳᠠᠭ᠎ᠠ | ᠲᠡᠵᠢᠭᠡᠯ ᠪᠣᠷᠳᠣᠭᠠᠨ ᠤ ᠬᠤᠣᠰ ᠬᠡᠷᠡᠭᠴᠡᠭᠡᠲᠦ ᠬᠡᠯᠪᠡᠷᠢ ᠶᠢᠨ ᠨᠣᠬᠠᠢ ᠶᠢᠨ ᠬᠤᠰᠢᠭᠤ ᠶᠢᠨ ᠰᠢᠨ᠎ᠡ ᠡᠭᠦᠯᠳᠡᠷ ︽ | ᠤᠯᠠᠭᠠᠨᠴᠠᠪ ᠶᠤᠤᠮᠠᠢ 1 ᠳ᠋ᠤᠭᠡᠷ ᠳᠤᠭᠠᠳᠤ︾ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠡᠭᠡ ᠪᠠᠷ | ᠳᠡᠯᠭᠡᠷᠡᠭᠦᠯᠪᠡ᠂ ᠡᠨᠡ ᠨᠢ ᠤᠯᠠᠭᠠᠨᠴᠠᠪ ᠬᠤᠲᠠ ᠶᠢᠨ ᠨᠣᠬᠠᠢ ᠶᠢᠨ ᠬᠤᠰᠢᠭᠤ ᠶᠢᠨ ᠰᠠᠶᠢᠨ ᠡᠭᠦᠯᠳᠡᠷ ᠢ ᠪᠡᠶ᠎ᠡ ᠪᠠᠨ | ᠳᠠᠭᠠᠭᠠᠵᠤ ᠡᠵᠡᠮᠳᠡᠵᠦ ᠪᠣᠯᠬᠤ ᠬᠠᠷᠠᠯᠲᠠ ᠳᠠᠰᠢ ᠨᠢᠭᠡ ᠶᠡᠭᠡ ᠠᠯᠬᠤᠮ ᠤᠷᠤᠭᠰᠢᠯᠠᠭᠰᠠᠨ ᠢ ᠬᠠᠷᠠᠭᠤᠯᠵᠤ᠂ ︽ | ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠠᠰᠠ ᠨᠢᠭᠡᠨ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃ | ︽ᠤᠯᠠᠭᠠᠨᠴᠠᠪ ᠶᠤᠤᠮᠠᠢ 1 ᠳ᠋ᠤᠭᠡᠷ ᠳᠤᠭᠠᠳᠤ︾ ᠨᠣᠬᠠᠢ ᠶᠢᠨ ᠬᠤᠰᠢᠭᠤ ᠪᠣᠯ ᠣᠶᠢᠷ᠎ᠠ ᠶᠢᠨ 20 ᠵᠢᠯ ᠤᠨ | ᠲᠤᠷᠰᠢ ᠤᠯᠠᠭᠠᠨᠴᠠᠪ ᠬᠤᠲᠠ ᠶᠢᠨ ᠠᠩᠬᠠᠳᠠᠭᠴᠢ ᠪᠡᠶ᠎ᠡ ᠪᠠᠨ ᠳᠠᠭᠠᠭᠠᠵᠤ ᠰᠣᠩᠭᠤᠨ ᠪᠣᠶᠢᠵᠢᠭᠤᠯᠤᠭᠰᠠᠨ ᠨᠣᠬᠠᠢ ᠶᠢᠨ | ᠬᠤᠰᠢᠭᠤ ᠶᠢᠨ ᠡᠭᠦᠯᠳᠡᠷ ᠪᠣᠯᠣᠨ᠎ᠠ᠂ ᠡᠾᠧᠪᠸᠢ ᠴᠢᠭᠤᠯᠤᠯᠳᠤ ᠬᠠᠭᠠᠯᠭ᠎ᠠ ᠶᠤᠤᠮᠠᠢ 1 ᠳ᠋ᠤᠭᠡᠷ ᠳᠤᠭᠠᠳᠤ ᠨᠣᠬᠠᠢ ᠶᠢᠨ | ᠬᠤᠰᠢᠭᠤ ᠪᠠᠷ ᠡᠬᠡ ᠦᠨᠳᠦᠰᠦ ᠪᠣᠯᠭᠠᠵᠤ᠂ ᠶᠦᠩ 118 ᠪᠠᠷ ᠡᠴᠢᠭᠡ ᠶᠢᠨ ᠦᠨᠳᠦᠰᠦ ᠪᠤᠯᠭᠠᠵᠤ᠂ ᠦᠷ᠎ᠡ ᠶᠢᠨ | ᠬᠤᠭᠤᠷᠣᠨᠳᠤ ᠡᠷᠯᠢᠰᠡᠵᠢᠭᠦᠯᠦᠨ ᠰᠣᠩᠭᠤᠨ ᠪᠣᠶᠢᠵᠢᠭᠤᠯᠵᠤ ᠪᠦᠲᠦᠭᠡᠭᠰᠡᠨ ᠶᠤᠮ᠃ ᠣᠳᠣᠬᠠᠨ ᠳᠤ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠸᠠᠳᠧ ᠰᠢᠶᠠᠨ ᠵᠡᠷᠭᠡ 7 | ᠬᠤᠰᠢᠭᠤ ᠰᠢᠶᠠᠨ ᠳᠤ ᠵᠢᠱᠢᠶ᠎ᠡ ᠦᠵᠡᠭᠦᠯᠦᠨ ᠳᠠᠷᠢᠵᠤ᠂ ᠦᠷᠡᠵᠢᠭᠦᠯᠦᠭᠰᠡᠨ ᠲᠠᠯᠠᠪᠠᠶ ᠨᠢ 2000 ᠮᠦ ᠭᠦᠷᠦᠭᠰᠡᠨ | ᠪᠠᠶᠢᠨ᠎ᠠ᠃ | ᠦᠷ᠎ᠡ ᠪᠣᠯ ᠲᠠᠷᠢᠶᠠᠯᠠᠩ ᠤᠨ ᠴᠢᠫ ᠮᠥᠨ᠃ ᠦᠷ᠎ᠡ ᠶᠢᠨ ᠦᠢᠯᠡᠰ ᠬᠦᠴᠦᠷᠬᠡᠭᠵᠢᠪᠡᠯ ᠲᠠᠷᠢᠶᠠᠯᠠᠩ | ᠬᠦᠴᠦᠷᠬᠡᠭᠵᠢᠵᠦ᠂ ᠦᠷ᠎ᠡ ᠶᠢᠨ ᠦᠢᠯᠡᠰ ᠬᠥᠭᠵᠢᠪᠡᠯ ᠲᠠᠷᠢᠶᠠᠯᠠᠩ ᠬᠥᠭᠵᠢᠨ᠎ᠡ᠃ ᠤᠯᠠᠭᠠᠨᠴᠠᠪ ᠬᠤᠳᠠ ᠶᠢᠨ ᠬᠢᠨ | ᠦᠷ᠎ᠡ ᠶᠢᠨ ᠦᠢᠯᠡᠰ ᠢ ᠬᠥᠭᠵᠢᠭᠦᠯᠬᠦ ᠲᠠᠯ᠎ᠠ ᠪᠠᠷ ᠶᠡᠷᠦ ᠪᠤᠰᠤ ᠶᠢᠨ ᠠᠮᠵᠢᠯᠲᠠ ᠣᠯᠪᠠ᠄ ᠤᠯᠠᠭᠠᠨᠴᠠᠪ ᠬᠤᠳᠠ ᠶᠢᠨ | ᠠᠭᠤᠷ ᠠᠮᠢᠰᠬᠤᠯ ᠤᠨ ᠣᠨᠴᠠᠯᠢᠭ ᠪᠣᠯᠣᠨ ᠬᠥᠷᠥᠰᠥ ᠰᠢᠷᠣᠢ ᠶᠢᠨ ᠨᠥᠬᠦᠴᠡᠯ ᠳᠤ ᠲᠣᠬᠢᠷᠠᠬᠤ ᠲᠥᠮᠥᠰᠥ ᠶᠢᠨ | ᠰᠢᠨ᠎ᠡ ᠲᠦᠷᠦᠯ ᠵᠦᠢᠯ ︱ ︽ᠮᠣᠩᠭᠤᠯ ᠤᠯᠠᠭᠠᠨᠴᠠᠪ ᠲᠥᠮᠥᠰᠥ︾ ᠶᠢᠨ ᠰᠢᠷᠢᠰ ᠰᠢᠨ᠎ᠡ ᠲᠦᠷᠦᠯ ᠵᠦᠢᠯ ᠢ | ᠲᠠᠷᠢᠶᠠᠨ ᠭᠠᠵᠠᠷ ᠤᠨ ᠲᠤᠷᠰᠢᠯᠲᠠ ᠳᠤ ᠣᠷᠣᠭᠤᠯᠤᠨ ᠲᠤᠷᠰᠢᠪᠠ︔ ᠨᠢᠭᠡ ᠨᠠᠰᠤᠨ ᠤ ᠪᠦᠷᠬᠦᠪᠴᠢᠳᠦ ᠣᠶᠤᠨᠲᠤ ᠪᠠᠷ | ᠤᠰᠤ ᠠᠷᠪᠢᠯᠠᠬᠤ ᠬᠤᠯᠤᠤᠪᠠᠩ ᠢ ᠲᠤᠷᠰᠢᠨ ᠲᠠᠷᠢᠭᠠᠳ ᠠᠮᠵᠢᠯᠲᠠ ᠣᠯᠪᠠ︔ ᠮᠠᠨ ᠤ ᠤᠯᠤᠰ ᠤᠨ ᠠᠩᠬᠠᠳᠠᠭᠴᠢ | ᠮᠠᠯᠵᠢᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠲᠣᠬᠢᠷᠠᠬᠤ ᠲᠤᠰᠬᠠᠶᠢᠵᠢᠭᠰᠠᠨ ᠰᠢᠨ᠎ᠡ | ᠡᠭᠦᠯᠳᠡᠷ ᠤᠨ ᠳ᠋ᠦ᠋ ᠮᠧᠩ ᠬᠤᠨᠢ ᠤᠯᠤᠰ ᠤᠨ ᠬᠢᠨᠠᠨ ᠲᠣᠭᠲᠠᠭᠠᠯᠲᠠ ᠪᠠᠷ ᠪᠠᠳᠤᠯᠠᠭᠳᠠᠵᠤ᠂ ᠪᠥᠬᠦ ᠬᠤᠲᠠ ᠶᠢᠨ | ᠠᠯᠠᠰᠢᠨ ᠬᠤᠨᠢᠨ ᠤ ᠥᠪᠡᠷ ᠤᠨ ᠡᠭᠦᠯᠳᠡᠷ ᠦᠭᠡᠢ ᠰᠢᠪᠲᠤᠯᠤᠯᠲᠠ ᠶᠢ ᠪᠡᠶᠡᠯᠡᠭᠦᠯᠪᠡ᠃ | ᠤᠯᠠᠭᠠᠨᠴᠠᠪ ᠬᠤᠲᠠ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠡᠭᠦᠯᠳᠡᠷ | ᠪᠣᠶᠢᠵᠢᠭᠤᠯᠬᠤ ᠶᠢᠨ ᠰᠢᠨ᠎ᠡ ᠶᠢ ᠡᠭᠦᠳᠬᠦ᠂ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠠᠯᠬᠤᠴᠠ ᠪᠠᠨ | ᠲᠠᠰᠤᠷᠠᠯᠲᠠ ᠦᠭᠡᠢ ᠲᠦᠷᠭᠡᠳᠬᠡᠵᠦ᠂ ᠪᠥᠬᠦ ᠬᠤᠲᠠ ᠶᠢᠨ ᠦᠷ᠎ᠡ ᠶᠢᠨ ᠦᠢᠯᠡᠰ ᠤᠨ ᠬᠥᠭᠵᠢᠯᠲᠡ ᠢᠳᠡᠪᠬᠢᠲᠡᠢ | ᠠᠬᠢᠯᠲᠠ ᠲᠠᠢ ᠪᠣᠯᠪᠠ᠃ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ ᠴᠤᠭᠯᠠᠭᠤᠯᠬᠤ | ᠠᠵᠢᠯ ᠢ ᠥᠷᠨᠢᠭᠦᠯᠵᠦ᠂ 363 ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠵᠤ | ᠴᠤᠭᠯᠠᠭᠤᠯᠵᠤ᠂ ᠡᠭᠦᠯᠳᠡᠷ ᠪᠣᠶᠢᠵᠢᠭᠤᠯᠬᠤ ᠳᠤ ᠴᠢᠨᠠᠷ ᠰᠠᠶᠢᠲᠠᠢ ᠦᠷ᠎ᠡ ᠡᠳ᠋ ᠤᠨ ᠳᠡᠮᠵᠢᠯᠭᠡ ᠬᠠᠩᠭᠠᠪᠠ᠃ ᠮᠠᠯ | ᠵᠢᠭᠦᠷᠲᠡᠨ ᠤ ᠡᠭᠦᠯᠳᠡᠷ ᠬᠠᠮᠠᠭᠠᠯᠠᠬᠤ ᠪᠠ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ ᠬᠢᠨᠠᠨ ᠲᠣᠭᠲᠠᠭᠠᠬᠤ ᠶᠢ | ᠥᠷᠨᠢᠭᠦᠯᠵᠦ᠂ ᠳ᠋ᠦ᠋ ᠪᠥᠸᠧ ᠬᠤᠨᠢ᠂ ᠤᠯᠠᠭᠠᠨᠴᠠᠪ ᠤᠨ ᠨᠠᠷᠢᠨ ᠨᠣᠣᠰᠣᠲᠤ ᠬᠤᠨᠢ ᠵᠡᠷᠭᠡ 5 ᠮᠠᠯ ᠵᠢᠭᠦᠷᠲᠡᠨ ᠤ | ᠡᠭᠦᠯᠳᠡᠷ ᠤᠨ ᠤᠳᠤᠮᠯᠠᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠶᠢ ᠪᠡᠶᠡᠯᠡᠭᠦᠯᠪᠡ᠃ | 2023 ᠣᠨ ᠤ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠢ ᠡᠬᠢᠯᠡᠭᠦᠯᠵᠦ᠂ 40 ᠲᠦᠮᠡᠨ ᠮᠦ | ᠲᠥᠮᠥᠰᠥ ᠶᠢᠨ ᠦᠷ᠎ᠡ ᠶᠢᠨ ᠦᠷᠡᠵᠢᠯ ᠤᠨ ᠰᠠᠭᠤᠷᠢᠨ ᠭᠠᠵᠠᠷ᠂ 3 ᠲᠦᠮᠡᠨ ᠮᠦ ᠨᠣᠬᠠᠢ ᠶᠢᠨ ᠬᠤᠰᠢᠭᠤ ᠶᠢᠨ ᠰᠠᠶᠢᠨ | ᠡᠭᠦᠯᠳᠡᠷ ᠤᠨ ᠦᠷᠡᠵᠢᠯ ᠤᠨ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠪᠠ︔ ᠰᠣᠩᠭᠤᠨ ᠪᠣᠶᠢᠵᠢᠭᠤᠯᠤᠭᠰᠠᠨ ︽ | ᠮᠣᠩᠭᠤᠯ ᠤᠯᠠᠭᠠᠨᠴᠠᠪ ᠲᠥᠮᠥᠰᠥ︾ ︽ᠤᠯᠠᠭᠠᠨᠴᠠᠪ ᠶᠤᠤᠮᠠᠢ︾ ᠰᠢᠷᠢᠰ ᠰᠢᠨ᠎ᠡ ᠡᠭᠦᠯᠳᠡᠷ ᠤᠨ ᠲᠦᠷᠦᠯ ᠵᠦᠢᠯ ᠢ | ᠨᠢᠭᠡᠨᠲᠡ ᠳᠠᠩᠰᠠᠯᠠᠭᠤᠯᠵᠤ᠂ ᠲᠥᠮᠥᠰᠥ ︽ᠰᠢ ᠰᠧᠨ 6 ᠳ᠋ᠤᠭᠠᠷ ᠳᠣᠭᠠᠳᠤ︾ ᠪᠣᠯᠣᠨ ᠳ᠋ᠦ᠋ ᠮᠧᠩ ᠬᠤᠨᠢ ᠶᠢ | ᠥᠪᠡᠷᠲᠡᠭᠡᠨ ᠵᠠᠰᠠᠬᠤ ᠣᠷᠣᠨ ᠤ 2023 ᠣᠨ ᠤ ᠮᠠᠯ ᠠᠵᠤ ᠠᠬᠤᠢ ᠲᠠᠷᠢᠶᠠᠯᠠᠩ ᠤᠨ ᠭᠤᠣᠯᠯᠠᠭᠴᠢ ᠲᠦᠷᠦᠯ | ᠵᠦᠢᠯ ᠳᠤ ᠠᠮᠵᠢᠯᠲᠠ ᠲᠠᠢ ᠰᠣᠩᠭᠤᠪᠠ︔ 4 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ | ᠂ ᠲᠥᠮᠥᠰᠥ᠂ ᠨᠣᠬᠠᠢ ᠶᠢᠨ ᠬᠤᠰᠢᠭᠤ᠂ ᠡᠷᠳᠡᠨᠢ ᠰᠢᠰᠢ ᠵᠡᠷᠭᠡ 3 ᠵᠦᠢᠯ ᠤᠨ ᠲᠠᠷᠢᠮᠠᠯ ᠤᠨ ᠰᠢᠨ᠎ᠡ ᠡᠭᠦᠯᠳᠡᠷ 111 | ᠶᠢ ᠳᠡᠯᠭᠡᠨ ᠦᠵᠡᠭᠦᠯᠪᠡ︔ ᠳᠥᠷᠪᠡᠳ ᠬᠤᠰᠢᠭᠤᠨ ᠤ ᠵᠥᠩ ᠵᠢᠶᠠ ᠺᠣᠮᠫᠠᠨᠢ ᠨᠢ ᠪᠥᠬᠦ ᠤᠯᠤᠰ ᠤᠨ ᠭᠤᠷᠪᠠᠳᠤᠭᠠᠷ | ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠥᠮᠥᠰᠥ ᠶᠢ ᠨᠢᠭᠡ ᠴᠣᠭᠴᠠᠵᠢᠭᠤᠯᠤᠨ ᠭᠡᠷᠡᠴᠢᠯᠡᠬᠦ ᠠᠵᠤ | ᠠᠬᠤᠶᠢᠯᠠᠯ ᠪᠣᠯᠵᠤ᠂ ᠥᠪᠥᠷ ᠮᠣᠩᠭᠤᠯ ᠤᠨ ᠲᠥᠮᠥᠰᠥ ᠶᠢᠨ ᠣᠬᠢ ᠰᠢᠯᠭᠠᠨ ᠪᠠᠶᠢᠴᠠᠭᠠᠬᠤ ᠮᠡᠷᠭᠡᠵᠢᠯ ᠤᠨ | ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ CMA ᠪᠠ CASL ᠤᠯᠤᠰ ᠤᠨ ᠬᠢᠷᠢ ᠬᠡᠮ ᠤᠨ ᠭᠡᠷᠡᠴᠢᠯᠡᠯ ᠢ | ᠭᠥᠷᠳᠡᠵᠦ᠂ ᠪᠥᠬᠦ ᠣᠷᠣᠨ ᠤ ᠠᠩᠬᠠᠳᠠᠭᠴᠢ ᠲᠥᠮᠥᠰᠥ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠬᠢᠵᠦ | ᠳᠡᠶᠢᠯᠬᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠭᠰᠠᠨ ᠪᠠᠶᠢᠨ᠎ᠠ᠃ | ᠤᠯᠠᠭᠠᠨᠴᠠᠪ ᠲᠤ ᠬᠦᠷᠴᠦ ᠥᠩᠭᠡᠷᠡᠭᠰᠡᠨ ᠦᠭᠡᠢ ᠴᠤ ᠤᠯᠠᠭᠠᠨᠴᠠᠪ ᠤᠨ ᠠᠮᠲᠠᠲᠤ ᠢᠳᠡᠭᠡᠨ ᠢ ᠵᠠᠪᠠᠯ | ᠠᠮᠲᠠᠯᠠᠵᠤ ᠦᠵᠡ︕ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠭᠤᠣᠯᠯᠠᠨ ᠡᠷᠬᠢᠯᠡᠭᠰᠡᠨ ︽ | ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠲᠠᠷᠢᠶᠠᠯᠠᠩ ᠢ ᠬᠦᠴᠦᠷᠬᠡᠭᠵᠢᠭᠦᠯᠵᠦ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠶ᠎ᠠ︾ ᠭᠡᠬᠦ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠡᠭᠡᠷ᠎ᠡ᠂ ᠤᠯᠠᠭᠠᠨᠴᠠᠪ ᠬᠤᠳᠠ ᠶᠢᠨ 100 ᠭᠠᠷᠤᠢ | ᠠᠵᠤ ᠠᠬᠤᠶᠢᠯᠠᠯ ᠵᠠᠭᠤ ᠭᠠᠷᠤᠢ ᠲᠦᠷᠦᠯ ᠤᠨ ᠰᠢᠯᠢᠳᠡᠭ ᠣᠨᠴᠠᠯᠢᠭᠲᠤ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠠᠪᠴᠤ 100 ᠭᠠᠷᠤᠢ ᠲᠡᠭᠰᠢ ᠳᠥᠷᠪᠡᠯᠵᠢᠨ ᠮᠧᠲᠷ ᠤᠨ ︽ᠤᠤᠯ ᠠᠮᠳᠠᠳᠤ ᠤᠯᠠᠭᠠᠨᠴᠠᠪ︾ | ᠭᠡᠬᠦ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠲᠤ ᠳᠡᠯᠭᠡᠨ ᠦᠵᠡᠭᠦᠯᠪᠡ᠃ ᠲᠥᠮᠥᠰᠥᠨ ᠤ ᠪᠦᠲᠦᠭᠡᠭᠳᠡᠬᠦᠨ᠂ | ᠦᠬᠡᠷ ᠤᠨ ᠬᠠᠪᠢᠷᠭ᠎ᠠ᠂ ᠬᠤᠨᠢᠨ ᠮᠢᠬ᠎ᠠ᠂ ᠣᠨᠴᠠ ᠬᠢᠴᠡ ᠲᠠᠢ ᠡᠭᠡᠳᠡᠭᠰᠡᠨ ᠰᠦ᠂ ᠵᠦᠸᠧᠽᠢ ᠶᠢᠨ ᠰᠢᠷᠠᠭᠰᠠᠨ | ᠲᠠᠬᠢᠶ᠎ᠠ᠂ ᠹᠧᠩᠵᠧᠨ ᠤ ᠶᠧᠪᠡᠩ ᠵᠡᠷᠭᠡ ᠤᠯᠠᠭᠠᠨᠴᠠᠪ ᠤᠨ ᠣᠷᠣᠨ ᠨᠤᠲᠤᠭ ᠤᠨ ᠣᠨᠴᠠᠯᠢᠭ ᠲᠠᠢ ᠲᠠᠷᠢᠶᠠᠯᠠᠩ ᠤᠨ | ᠣᠨᠴᠠ ᠭᠠᠷᠤᠯᠲᠠ ᠨᠤᠭᠤᠳ ᠳᠤᠮᠳᠠᠳᠤ ᠤᠯᠤᠰ ᠤᠨ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠤ ᠤᠯᠠᠨ ᠤ | ᠰᠠᠶᠢᠨ ᠦᠨᠡᠯᠡᠯᠲᠡ ᠶᠢ ᠣᠯᠵᠠᠢ᠃ | ᠲᠠᠷᠢᠶᠠᠯᠠᠩ ᠤᠨ ᠪᠦᠲᠦᠭᠡᠭᠳᠡᠬᠦᠨ ᠢ ᠰᠢᠯᠢᠳᠡᠭᠵᠢᠭᠦᠯᠪᠡᠯ ᠳᠠᠷᠤᠢ ᠤᠯᠠᠨ ᠨᠡᠶᠢᠲᠡ ᠶᠢ ᠢᠲᠡᠭᠡᠭᠦᠯᠬᠦ ᠬᠦᠴᠦᠨ | ᠮᠥᠨ᠂ ᠨᠠᠷᠢᠯᠢᠭ ᠬᠢᠪᠡᠯ ᠳᠠᠷᠤᠢ ᠲᠠᠲᠠᠬᠤ ᠬᠦᠴᠦᠨ ᠮᠥᠨ᠂ ᠬᠦᠴᠦᠷᠬᠡᠭᠵᠢᠭᠦᠯᠪᠡᠯ ᠳᠠᠷᠤᠢ ᠥᠷᠢᠰᠦᠯᠳᠦᠬᠦ ᠬᠦᠴᠦᠨ | ᠮᠥᠨ᠃ | ᠰᠦᠢ ᠸᠧᠢ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ᠤᠯᠠᠭᠠᠨᠴᠠᠪ ᠬᠤᠳᠠ ᠶᠢᠨ ᠬᠢᠨ | ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠪᠣᠯᠣᠨ ᠥᠪᠡᠷᠮᠢᠴᠡ ᠠᠭᠤᠷ | ᠠᠮᠢᠰᠬᠤᠯ ᠤᠨ ᠠᠮᠢ ᠠᠬᠤᠢ ᠳᠤ ᠲᠦᠰᠢᠭᠯᠡᠨ᠂ ᠲᠦᠷᠦᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠲᠤᠪᠤᠶᠢᠯᠭᠠᠵᠤ᠂ | ︽ᠪᠤᠭᠤᠳᠠᠢ ᠨᠣᠭᠤᠭ᠎ᠠ ᠲᠥᠮᠥᠰᠥ᠂ ᠦᠬᠡᠷ ᠬᠤᠨᠢ ᠰᠦ︾ ᠵᠡᠷᠭᠡ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠵᠤ᠂ ︽ᠤᠤᠯ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠡᠢ᠃ ︽ᠤᠤᠯ ᠠᠮᠳᠠᠳᠤ | ᠤᠯᠠᠭᠠᠨᠴᠠᠪ︾ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠶᠢᠨ | ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠠ ᠭᠤᠣᠯᠳᠠᠯᠭ᠎ᠠ ᠲᠠᠢ ᠡᠭᠦᠷᠭᠡ ᠪᠣᠯᠭᠠᠨ | ᠠᠳᠬᠤᠵᠤ᠂ ︽︿ᠤᠤᠯ ᠠᠮᠳᠠᠳᠤ ᠤᠯᠠᠭᠠᠨᠴᠠᠪ ﹀ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ︽︿ᠤᠤᠯ ᠠᠮᠳᠠᠳᠤ ᠤᠯᠠᠭᠠᠨᠴᠠᠪ﹀ ᠤᠨ | ︿ᠡᠷᠬᠡ ᠣᠯᠭᠤᠭᠰᠠᠨ ᠲᠡᠮᠳᠡᠭᠲᠦ ᠬᠡᠷᠡᠭᠯᠡᠬᠦ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ︾ ᠵᠡᠷᠭᠡ | ᠳᠦᠷᠢᠮ ᠪᠠ ᠠᠷᠭ᠎ᠠ ᠬᠡᠮᠵᠢᠶ᠎ᠡ ᠶᠢ ᠲᠣᠭᠲᠠᠭᠠᠪᠠ᠃ 2023 ᠣᠨ ᠤ 5 ᠰᠠᠷ᠎ᠠ ᠶᠢᠨ 2 ᠤᠨ ᠡᠳᠦᠷ᠂ ︽ᠤᠤᠯ | ᠠᠮᠳᠠᠳᠤ ᠤᠯᠠᠭᠠᠨᠴᠠᠪ︾ ᠠᠩᠬ᠎ᠠ ᠤᠳᠠᠭ᠎ᠠ ᠭᠠᠳᠠᠭᠠᠳᠤ ᠳᠤ ᠭᠠᠷᠴᠤ᠂ ᠳᠤᠮᠳᠠᠳᠤ ᠤᠯᠤᠰ ᠤᠨ ᠦᠵᠡᠭᠦᠯᠭᠡ ᠶᠢᠨ | ᠪᠦᠯᠬᠦᠮ ᠢ ᠲᠥᠯᠥᠭᠡᠯᠡᠨ ᠨᠠᠷᠠᠲᠤ ᠲᠡᠮᠳᠡᠭ ᠤᠨ ᠳᠣᠣᠷᠠᠬᠢ ᠤᠯᠠᠭᠠᠨᠴᠠᠪ ᠤᠨ ᠲᠥᠮᠥᠰᠥ᠂ ᠤᠯᠠᠭᠠᠨᠴᠠᠪ ᠤᠨ | ᠨᠣᠬᠠᠢ ᠶᠢᠨ ᠬᠤᠰᠢᠭᠤ᠂ ᠤᠯᠠᠭᠠᠨᠴᠠᠪ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠤᠷᠢᠳᠴᠢᠯᠠᠨ ᠬᠢᠭᠰᠡᠨ | ᠨᠣᠭᠤᠭ᠎ᠠ ᠵᠡᠷᠭᠡ ᠡᠷᠬᠡ ᠣᠯᠭᠤᠭᠰᠠᠨ ᠪᠦᠲᠦᠭᠡᠭᠳᠡᠬᠦᠨ ᠢᠶᠠᠨ 40 ᠳ᠋ᠤᠭᠡᠷ ᠬᠤᠭᠤᠴᠠᠭᠠᠨ ᠤ ᠢᠲ᠋ᠠᠯᠢ ᠶᠢᠨ ᠣᠯᠠᠨ | ᠤᠯᠤᠰ ᠤᠨ ᠵᠢᠮᠢᠰ ᠢᠳᠡᠰᠢᠨ ᠨᠣᠭᠤᠭ᠎ᠠ ᠶᠢᠨ ᠦᠵᠡᠰᠬᠦᠯᠡᠩ ᠳᠤ ᠳᠡᠯᠭᠡᠨ ᠦᠵᠡᠭᠦᠯᠵᠦ᠂ ᠭᠤᠣᠯᠯᠠᠨ ᠡᠷᠭᠢᠯᠡᠭᠰᠡᠨ | ᠲᠠᠯ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠠᠵᠢᠯ ᠲᠥᠷᠥᠯ ᠤᠨ ᠬᠢᠨ ᠤ ᠢᠳᠡᠪᠬᠢᠲᠡᠢ ᠦᠨᠡᠯᠡᠯᠲᠡ ᠶᠢ | ᠣᠯᠣᠭᠰᠠᠨ ᠪᠠᠶᠢᠨ᠎ᠠ᠃ | ᠣᠳᠣ ᠪᠣᠯᠲᠠᠯ᠎ᠠ᠂ ︽ᠤᠤᠯ ᠠᠮᠳᠠᠳᠤ ᠤᠯᠠᠭᠠᠨᠴᠠᠪ︾ 108 ᠠᠵᠤ ᠠᠬᠤᠶᠢᠯᠠᠯ ᠳᠤ ᠡᠷᠬᠡ ᠣᠯᠭᠤᠵᠤ᠂ | ᠪᠦᠲᠦᠭᠡᠭᠳᠡᠬᠦᠨ ᠨᠢ ︽ᠪᠤᠭᠤᠳᠠᠢ ᠨᠣᠭᠤᠭ᠎ᠠ ᠲᠥᠮᠥᠰᠥ᠂ ᠦᠬᠡᠷ ᠬᠤᠨᠢ ᠰᠦ︾ ᠵᠡᠷᠭᠡ ᠵᠢᠷᠭᠤᠭᠠᠨ ᠶᠡᠭᠡ | ᠳᠠᠪᠠᠭᠤᠯᠢᠭ ᠠᠵᠤ ᠦᠢᠯᠡᠰ ᠵᠢᠴᠢ ᠣᠨᠴᠠᠯᠢᠭᠲᠤ ᠠᠵᠤ ᠦᠢᠯᠡᠰ ᠢ 500 ᠭᠠᠷᠤᠢ ᠲᠦᠷᠦᠯ ᠳᠤ ᠬᠠᠮᠤᠷᠴᠠᠢ᠃ ︽ | ᠤᠤᠯ ᠠᠮᠳᠠᠳᠤ ᠤᠯᠠᠭᠠᠨᠴᠠᠪ ︾ ᠤᠨ ᠨᠠᠷᠠᠲᠤ ᠲᠥᠷᠥᠯ ᠲᠡᠮᠳᠡᠭᠲᠦ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ 6᠂ | ᠨᠠᠷᠠᠲᠤ ᠲᠥᠷᠥᠯ ᠲᠡᠮᠳᠡᠭᠲᠦ ᠶᠢᠨ ᠨᠠᠷᠠᠲᠤ ᠲᠥᠷᠥᠯ ᠲᠡᠮᠳᠡᠭᠲᠦ ᠶᠢᠨ ᠳᠡᠯᠭᠡᠭᠦᠷ 11᠂ ᠨᠠᠷᠠᠲᠤ ᠲᠥᠷᠥᠯ | ᠲᠡᠮᠳᠡᠭᠲᠦ ᠶᠢᠨ ᠪᠣᠷᠤᠯᠠᠭᠤᠯᠭ᠎ᠠ ᠶᠢᠨ ᠲᠤᠰᠬᠠᠢ ᠣᠷᠣᠨ 6᠂ ᠰᠦᠯᠵᠢᠶᠡᠨ ᠤ ᠳᠡᠯᠭᠡᠭᠦᠷ 5 ᠪᠠᠶᠢᠭᠤᠯᠵᠤ᠂ ᠪᠡᠭᠡᠵᠢᠩ᠂ | ᠱᠧᠨᠵᠧᠨ᠂ ᠴᠢᠩᠳᠣᠣ᠂ ᠬᠥᠬᠡᠬᠤᠲᠠ᠂ ᠪᠠᠶᠠᠨᠨᠠᠭᠤᠷ᠂ ᠤᠯᠠᠭᠠᠨᠴᠠᠪ ᠢ ᠬᠠᠮᠤᠷᠤᠭᠰᠠᠨ ᠨᠠᠷᠠᠲᠤ ᠲᠥᠷᠥᠯ | ᠲᠡᠮᠳᠡᠭᠲᠦ ᠶᠢᠨ ᠰᠦᠯᠵᠢᠶᠡᠨ ᠭᠠᠳᠠᠨᠠᠬᠢ ᠰᠢᠭᠤᠳ ᠪᠣᠷᠤᠯᠠᠭᠤᠯᠭ᠎ᠠ ᠶᠢᠨ ᠲᠣᠣᠷ ᠰᠦᠯᠵᠢᠶ᠎ᠡ ᠵᠢᠴᠢ ᠪᠥᠬᠦ | ᠰᠦᠯᠵᠢᠶᠡᠨ ᠤ ᠲᠠᠪᠴᠠᠩ ᠢ ᠬᠠᠮᠤᠷᠤᠭᠰᠠᠨ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠲᠣᠣᠷ ᠰᠦᠯᠵᠢᠶ᠎ᠡ ᠶᠢ | ᠪᠠᠶᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠥᠷᠲᠡᠭ 167 ᠳ᠋ᠦᠩᠰᠢᠭᠤᠷ ᠲᠥᠭᠦᠷᠢᠭ ᠢ ᠳᠠᠪᠠᠵᠤ᠂ ᠨᠠᠷᠠᠲᠤ | ᠲᠥᠷᠥᠯ ᠲᠡᠮᠳᠡᠭᠲᠦ ᠶᠢᠨ ᠦᠨ᠎ᠡ 20% ᠥᠰᠴᠦ᠂ ᠨᠠᠷᠠᠲᠤ ᠲᠥᠷᠥᠯ ᠲᠡᠮᠳᠡᠭᠲᠦ ᠶᠢᠨ ᠪᠦᠯᠦᠭᠯᠡᠯ᠂ ᠨᠡᠶᠢᠯᠡᠮᠡᠯ | ᠬᠦᠴᠦᠨ ᠤ ᠳᠠᠪᠠᠭᠤᠯᠢᠭ ᠲᠣᠪᠣᠶᠢᠮ᠎ᠠ ᠪᠣᠯᠪᠠ᠃ | ︽ᠤᠤᠯ ᠠᠮᠳᠠᠳᠤ ᠤᠯᠠᠭᠠᠨᠴᠠᠪ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠨᠢ | ᠤᠯᠠᠮ ᠠᠴᠠ ᠤᠯᠠᠮ ᠴᠢᠩᠭ᠎ᠠ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢᠶᠠᠷ ᠰᠢᠨ᠎ᠡ ᠴᠠᠭ ᠦᠶ᠎ᠡ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ | ᠬᠥᠭᠵᠢᠯᠲᠡ ᠶᠢᠨ ᠦᠢᠯᠡᠳᠦᠯᠭᠡᠵᠢᠭᠦᠯᠦᠭᠴᠢ᠂ ᠳᠠᠭᠠᠭᠤᠯᠤᠭᠴᠢ ᠪᠣᠯᠵᠤ ᠪᠠᠶᠢᠨ᠎ᠠ᠃ | ᠨᠢᠭᠡ ᠲᠠᠯ᠎ᠠ ᠶᠢᠨ ᠠᠵᠤ ᠦᠢᠯᠡᠰ ᠢ ᠬᠥᠭᠵᠢᠭᠦᠯᠵᠦ᠂ ᠨᠢᠭᠡ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠨᠢᠭᠡ | ᠲᠠᠯ᠎ᠠ ᠶᠢᠨ ᠠᠷᠠᠳ ᠲᠦᠮᠡᠨ ᠢ ᠪᠠᠶᠠᠵᠢᠭᠤᠯᠤᠨ᠎ᠠ᠃ ᠤᠯᠠᠭᠠᠨᠴᠠᠪ ᠬᠤᠲᠠ ᠴᠢᠨᠠᠷ ᠰᠠᠶᠢᠲᠠᠢ ᠡᠬᠢ ᠪᠠᠶᠠᠯᠢᠭ ᠤᠨ | ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠢᠶᠠᠨ ᠪᠠᠲᠤ ᠡᠵᠡᠮᠰᠢᠵᠦ᠂ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢᠨ ᠭᠦᠨ ᠭᠦᠨᠵᠡᠭᠡᠢ ᠠᠭᠤᠯᠤᠭᠳᠠᠬᠤᠨ ᠢ ᠲᠣᠪᠤᠶᠢᠯᠭᠠᠨ᠂ ︽ᠤᠤᠯ ᠠᠮᠳᠠᠳᠤ ᠤᠯᠠᠭᠠᠨᠴᠠᠪ︾ ᠤᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠴᠢᠨᠠᠷ ᠰᠠᠶᠢᠲᠠᠢ᠂ | ᠪᠣᠬᠢᠷᠲᠤᠯ ᠦᠭᠡᠢ᠂ ᠣᠷᠭᠠᠨᠢᠭ ᠲᠠᠷᠢᠶᠠᠯᠠᠩ ᠤᠨ ᠣᠨᠴᠠ ᠭᠠᠷᠤᠯᠲᠠ ᠶᠢ ᠪᠥᠬᠦ ᠣᠷᠣᠨ᠂ ᠪᠥᠬᠦ ᠤᠯᠤᠰ᠂ | ᠳᠡᠯᠡᠬᠡᠢ ᠳᠤ ᠬᠠᠨᠳᠤᠭᠤᠯᠵᠤ᠂ ᠤᠯᠠᠭᠠᠨᠴᠠᠪ ᠬᠤᠲᠠ ᠶᠢᠨ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ᠂ ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠳᠤ ︽ᠨᠠᠷᠠᠲᠤ ᠲᠥᠷᠥᠯ ᠲᠡᠮᠳᠡᠭᠲᠦ ᠶᠢᠨ | ᠬᠦᠴᠦᠨ︾ ᠢ ᠨᠡᠮᠡᠷᠢᠯᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |