ᠰᠦᠢ ᠸᠧᠢ ᠵᠢᠶᠦ᠋ᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/14
    3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠭ᠎ᠠ ᠠ ᠯᠢ ᠪᠠ ᠪᠠ ᠳ᠋ᠠᠶᠢᠲ᠋ᠠ ᠶᠢᠨ ᠲᠥᠪ ᠲᠤ ᠬᠦᠷᠴᠦ᠂ ᠪᠤᠳᠤᠬᠤ ᠬᠦᠴᠦᠨ ᠤ ᠲᠥᠪ ᠤᠨ ᠠᠵᠢᠯᠯᠠᠭᠠᠨ ᠤ ᠵᠠᠭᠪᠤᠷ᠂ ᠪᠤᠳᠤᠬᠤ ᠬᠦᠴᠦᠨ ᠤ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠰᠤᠳᠤᠯᠪᠠ᠃     ᠰᠦᠢ ᠸᠧᠢ ᠵᠢᠶᠦ᠋ᠨ᠂ ᠣᠶᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠲᠠᠰᠤᠷᠠᠯᠲᠠ ᠦᠭᠡᠢ ᠪᠠᠬᠢᠵᠢᠵᠦ᠂ ᠬᠥᠭᠵᠢᠯᠲᠡ ᠶᠢᠨ ᠰᠡᠯᠭᠦᠬᠦ ᠬᠦᠴᠦᠨ ᠦᠷᠭᠦᠯᠵᠢᠯᠡᠨ ᠴᠢᠩᠭᠠᠷᠠᠪᠠ᠂ ᠡᠨᠡ ᠪᠣᠯ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭᠠᠨ ᠤ ᠦᠷ᠎ᠡ ᠪᠦᠲᠦᠭᠡᠯ ᠪᠣᠯᠣᠨ᠎ᠠ᠂ ᠠ ᠯᠢ ᠪᠠ ᠪᠠ ᠵᠡᠷᠭᠡ ᠠᠵᠤ ᠠᠬᠤᠶᠢᠯᠠᠯ ᠤᠨ ᠤᠯᠠᠭᠠᠨᠴᠠᠪ ᠲᠤ ᠦᠵᠡᠭᠦᠯᠦᠭᠰᠡᠨ ᠬᠦᠷᠢᠶᠡᠯᠡᠯ ᠪᠣᠯᠣᠨ ᠭᠠᠵᠠᠷ ᠣᠷᠣᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠮᠠᠰᠢ ᠲᠠᠯᠠᠷᠬᠠᠵᠤ ᠪᠠᠶᠢᠨ᠎ᠠ᠃ ᠤᠯᠠᠭᠠᠨᠴᠠᠪ ᠬᠤᠲᠠ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠳᠤ ᠣᠷᠣᠨ ᠪᠠᠶᠢᠷᠢ᠂ ᠲᠥᠷᠥ ᠶᠢᠨ ᠪᠣᠳᠣᠯᠭ᠎ᠠ᠂ ᠪᠠᠶᠢᠭᠠᠯᠢ ᠶᠢᠨ ᠣᠷᠴᠢᠨ ᠲᠣᠭᠤᠷᠢᠨ ᠵᠡᠷᠭᠡ ᠣᠯᠠᠨ ᠲᠠᠯ᠎ᠠ ᠶᠢᠨ ᠬᠠᠮ ᠳᠠᠪᠠᠭᠤᠯᠢᠭ ᠲᠠᠢ ᠪᠠᠶᠢᠵᠤ᠂ ᠢᠷᠡᠭᠡᠳᠦᠢ ᠳᠤ ᠬᠠᠨᠳᠤᠭᠤᠯᠵᠤ᠂ ᠤᠯᠠᠭᠠᠨᠴᠠᠪ ᠬᠤᠲᠠ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠠ ᠯᠢ ᠪᠠ ᠪᠠ ᠵᠡᠷᠭᠡ ᠢᠨᠲ᠋ᠧᠷ ᠰᠦᠯᠵᠢᠶᠡᠨ ᠤ ᠲᠡᠷᠢᠭᠦᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠶᠤᠨᠴᠢ ᠪᠣᠳᠣᠯᠭ᠎ᠠ ᠶᠢᠨ ᠬᠡᠷᠡᠭᠯᠡᠭᠡᠨ ᠤ ᠪᠠᠶᠢᠳᠠᠯ ᠢ ᠬᠠᠮᠲᠤ ᠪᠠᠷ ᠥᠷᠭᠡᠳᠬᠡᠨ᠂ ᠤᠯᠠᠭᠠᠨᠴᠠᠪ ᠬᠤᠲᠠ ᠶᠢ ︽ᠲᠥᠪᠯᠡᠷᠡᠯ ᠤᠨ ᠬᠡᠪᠴᠢᠶ᠎ᠡ ᠪᠠᠷ ᠨᠠᠩ ᠶᠡᠭᠡ᠂ ᠶᠠᠰᠤ ᠴᠢᠨᠠᠷ ᠢᠶᠠᠷ ᠨᠠᠩ ᠭᠦᠢᠴᠡᠳ᠂ ᠵᠠᠷᠤᠳᠠᠯ ᠤᠨ ᠥᠪᠡᠷ ᠤᠨ ᠥᠷᠲᠡᠭ ᠢᠶᠠᠷ ᠨᠠᠩ ᠳᠣᠣᠷ᠎ᠠ᠂ ᠠᠷᠪᠢᠯᠠᠭᠰᠠᠨ ᠦᠷ᠎ᠡ ᠪᠦᠲᠦᠮᠵᠢ ᠪᠠᠷ ᠨᠠᠩ ᠥᠨᠳᠥᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠨᠠᠩ ᠰᠢᠯᠢᠳᠡᠭ︾ ᠪᠥᠬᠦ ᠤᠯᠤᠰ ᠤᠨ ᠣᠶᠤᠨᠴᠢ ᠪᠤᠳᠤᠬᠤ ᠬᠦᠴᠦᠨ ᠤ ᠰᠠᠭᠤᠷᠢᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠤᠯᠠᠭᠠᠨᠴᠠᠪ ᠬᠤᠳᠠ ᠶᠢᠨ ᠬᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠪᠦᠬᠦ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠨᠡᠩ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠨ᠎ᠡ ᠬᠡᠪᠡ᠃     ᠯᠢᠦ ᠭᠦᠸᠧ ᠭᠠᠩ᠂ ᠴᠠᠢ ᠶᠤᠸᠠᠢ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2