| | 3 ᠰᠠᠷ᠎ᠠ ᠶᠢᠨ 13 ᠤ ᠡᠳᠦᠷ᠂ ᠤᠯᠠᠭᠠᠨᠴᠠᠪ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠲᠥᠪ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠨᠢᠩ ᠤᠨ ᠣᠯᠠᠨ | ᠤᠯᠤᠰ ᠤᠨ ᠠᠷᠠᠰᠤ ᠰᠢᠷᠢ ᠶᠢᠨ ᠬᠤᠲᠠ ᠳᠤ ︽ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠢ ᠬᠠᠮᠲᠤ ᠪᠠᠷ ᠪᠣᠶ | ᠪᠣᠯᠭᠠᠵᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ 3 · 15 ᠶᠢᠨ ᠣᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠭᠡᠬᠦ ᠭᠤᠣᠯ ᠰᠡᠳᠦᠪᠲᠦ ᠪᠣᠯᠪᠠᠰᠤᠷᠠᠭᠤᠯᠤᠯ ᠤᠨ ᠤᠬᠠᠭᠤᠯᠭ᠎ᠠ ᠶᠢᠨ | ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ᠂ | ᠵᠢᠷᠤᠮᠵᠢᠯ ᠲᠠᠢ ᠡᠵᠡᠩᠨᠡᠬᠦ ᠶᠢ ᠠᠬᠢᠭᠤᠯᠪᠡ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭ ᠤᠨ ᠵᠢᠱᠢᠶ᠎ᠡ ᠪᠠᠷ | ᠳᠠᠮᠵᠢᠭᠤᠯᠤᠨ᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠦᠢᠯᠡᠳᠬᠦᠨ ᠤ ᠶᠠᠰᠤ | ᠴᠢᠨᠠᠷ ᠤᠨ ᠬᠠᠤᠯᠢ︾᠂ ︽ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠶᠢ ᠰᠢᠳᠬᠡᠬᠦ | ᠠᠷᠭ᠎ᠠ︾ ᠵᠡᠷᠭᠡ ᠶᠢᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠵᠦ᠂ ᠡᠯ᠎ᠡ ᠬᠤᠳᠠᠯᠳᠤᠭᠠᠨ ᠤ ᠡᠷᠦᠬᠡ ᠶᠢᠨ | ᠬᠠᠷᠢᠭᠤᠴᠠᠯᠭᠠᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠳᠠᠷᠠᠭ᠎ᠠ ᠪᠠᠷ ᠨᠢ᠂ ᠬᠠᠤᠯᠢ ᠬᠡᠷᠡᠭᠵᠢᠭᠦᠯᠬᠦ ᠠᠵᠢᠯᠲᠠᠨ ᠠᠷᠠᠰᠤ ᠰᠢᠷᠢ ᠶᠢᠨ ᠬᠤᠲᠠ ᠶᠢᠨ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠥᠷᠲᠡᠭᠡ ᠪᠣᠯᠣᠨ ᠳᠡᠯᠭᠡᠭᠦᠷ ᠲᠤ ᠬᠦᠷᠴᠦ᠂ ᠠᠵᠢᠯ ᠤᠨ ᠡᠬᠡ ᠳᠠᠩᠰᠠ ᠶᠢ ᠪᠠᠶᠢᠴᠠᠭᠠᠨ | ᠦᠵᠡᠬᠦ᠂ ᠬᠤᠳᠠᠯᠳᠤᠭᠠᠨ ᠤ ᠡᠷᠦᠬᠡ ᠲᠠᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠰᠤ ᠰᠢᠷᠢ | ᠶᠢᠨ ᠬᠤᠲᠠ ᠶᠢᠨ ᠬᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ | ᠲᠠᠯ᠎ᠠ ᠪᠠᠷ ᠬᠢᠭᠰᠡᠨ ᠠᠵᠢᠯ ᠢ ᠣᠶᠢᠯᠠᠭᠠᠬᠤ ᠶᠢᠨ ᠬᠠᠮᠲᠤ ᠵᠦᠢ ᠵᠣᠬᠢᠰᠲᠠᠢ ᠰᠠᠨᠠᠭᠤᠯᠭ᠎ᠠ ᠳᠤᠷᠠᠳᠴᠤ᠂ | ᠬᠤᠳᠠᠯᠳᠤᠭᠠᠨ ᠤ ᠡᠷᠦᠬᠡ ᠶᠢ ᠦᠨᠡᠨᠴᠢ ᠢᠲᠡᠭᠡᠮᠵᠢᠲᠡᠢ ᠪᠠᠷ ᠪᠡᠶ᠎ᠡ ᠪᠠᠨ ᠪᠠᠷᠢᠬᠤ ᠶᠠᠪᠤᠳᠠᠯ ᠢ ᠴᠢᠩᠭᠠᠳᠬᠠᠨ᠂ | ᠦᠢᠯᠡᠴᠢᠯᠡᠭᠡᠨ ᠤ ᠠᠵᠢᠯᠯᠠᠭ᠎ᠠ ᠪᠠᠨ ᠵᠢᠷᠤᠮᠵᠢᠭᠤᠯᠵᠤ᠂ ᠪᠣᠷᠤᠯᠠᠭᠤᠯᠭ᠎ᠠ ᠶᠢᠨ ᠬᠦᠷᠢᠶᠡᠨ ᠳᠤ ᠬᠡᠯᠪᠡᠷᠢ ᠶᠢ ᠨᠢ | ᠥᠭᠡᠷᠡᠳᠡᠭᠦᠯᠦᠨ ᠦᠨ᠎ᠡ ᠥᠰᠬᠡᠬᠦ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦ᠂ ᠠᠯᠪᠠᠳᠠᠯᠭ᠎ᠠ ᠪᠠᠷ | ᠳᠠᠭᠠᠯᠳᠤᠭᠤᠯᠤᠨ ᠬᠤᠳᠠᠯᠳᠤᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠠᠰᠠᠭᠤᠳᠠᠯ ᠭᠠᠷᠬᠤ ᠠᠴᠠ | ᠵᠠᠶᠢᠯᠠᠰᠬᠢᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ | ᠱᠠᠭᠠᠷᠳᠠᠵᠠᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |