ᠰᠦᠢ ᠸᠧᠢ ᠵᠢᠶᠦ᠋ᠨ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/15
   3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠰᠦᠢ ᠸᠧᠢ ᠵᠢᠶᠦ᠋ᠨ ᠡᠩ ᠲᠡᠷᠢᠭᠦᠨ ᠳᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ᠂ ᠬᠡᠷᠡᠭ ᠡᠷᠭᠢᠯᠡᠬᠦ ᠣᠯᠠᠨ ᠲᠦᠮᠡᠨ᠂ ᠴᠣᠩᠬᠤᠪᠴᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠦᠢᠯᠡᠴᠢᠯᠡᠭᠡᠨ ᠤ ᠵᠦᠢᠯᠡᠰ᠂ ᠬᠡᠷᠡᠭ ᠭᠦᠢᠴᠡᠳᠬᠡᠬᠦ ᠶᠠᠪᠤᠴᠠ᠂ ᠭᠦᠢᠴᠡᠳᠬᠡᠬᠦ ᠬᠦᠴᠦᠨ ᠲᠠᠢ ᠬᠤᠭᠤᠴᠠᠭ᠎ᠠ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠴᠢᠬᠤᠯᠠ ᠲᠠᠪᠴᠠᠩ ᠪᠣᠯᠣᠨ᠎ᠠ᠂ ᠢᠮᠠᠭᠲᠠ ᠤᠯᠠᠨ ᠲᠦᠮᠡᠨ ᠤ ᠬᠦᠰᠡᠯ᠂ ᠠᠵᠤ ᠠᠬᠤᠶᠢᠯᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡᠬᠦ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠠᠵᠢᠯ ᠶᠠᠪᠤᠳᠠᠯ ᠰᠢᠢᠳᠪᠦᠷᠢᠯᠡᠬᠦ ᠳᠤ ᠨᠡᠩ ᠰᠠᠨᠠᠭ᠎ᠠ ᠠᠮᠤᠷ᠂ ᠨᠡᠩ ᠲᠠᠭᠠᠯᠠᠮᠵᠢᠲᠠᠢ᠂ ᠨᠡᠩ ᠳᠤᠯᠠᠭᠠᠬᠠᠨ ᠪᠣᠯᠭᠠᠬᠤ ᠬᠡᠷᠡᠭᠲᠡᠢ ᠭᠡᠵᠦ ᠬᠡᠯᠡᠪᠡ᠃    12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠲᠥᠪ ᠲᠤ᠂ ᠰᠦᠢ ᠸᠧᠢ ᠵᠢᠶᠦ᠋ᠨ ᠲᠥᠪ ᠤᠨ ᠠᠵᠢᠯᠯᠠᠭᠠᠨ᠂ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠣᠯᠠᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠤ ᠶᠠᠪᠤᠳᠠᠯ ᠢ ᠭᠡᠷ ᠤᠨ ᠶᠠᠪᠤᠳᠠᠯ ᠢᠶᠠᠨ ᠪᠣᠯᠭᠠᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠢ ᠰᠠᠶᠢᠲᠤᠷ ᠬᠢᠬᠦ ᠶᠢᠨ ᠡᠭᠦᠰᠬᠡᠯ ᠪᠠ ᠲᠡᠭᠦᠰᠬᠡᠯ ᠪᠣᠯᠭᠠᠵᠤ᠂ ᠠᠵᠢᠯᠯᠠᠭᠠᠨ ᠤ ᠲᠣᠭᠲᠠᠴᠠ ᠶᠢ ᠴᠢᠨᠠᠭᠰᠢᠳᠠ ᠰᠢᠯᠢᠳᠡᠭᠵᠢᠭᠦᠯᠵᠦ᠂ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠱᠠᠩᠨᠠᠵᠤ ᠲᠣᠷᠭᠠᠬᠤ ᠳᠦᠷᠢᠮ ᠢ ᠪᠠᠶᠢᠭᠤᠯᠵᠤ᠂ ᠳᠠᠭᠠᠭᠠᠨ ᠡᠷᠬᠢᠯᠡᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠯᠠᠮᠰᠢᠯ ᠤᠲᠠᠰᠤ ᠶᠢᠨ ᠴᠤᠤᠷᠢᠶᠠᠲᠤᠬᠤ ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢᠲᠠᠢ ᠨᠤᠷᠮ᠎ᠠ᠂ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠨᠡᠪᠲᠡᠷᠡᠯᠴᠡᠵᠦ ᠰᠡᠵᠢᠭᠯᠡᠯ ᠢ ᠲᠠᠶᠢᠯᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠥᠪᠡᠷᠮᠢᠴᠡ ᠦᠢᠯᠡᠴᠢᠯᠡᠭᠡ ᠶᠢ ᠬᠦᠴᠦᠯᠡᠨ ᠰᠠᠶᠢᠲᠤᠷ ᠬᠢᠵᠦ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠲᠦᠷᠭᠡᠳᠬᠡᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠪᠦᠲᠦᠮᠵᠢᠲᠡᠶ ᠢᠯᠡ ᠲᠣᠳᠣ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠶᠡᠬᠡᠪᠡᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃    ᠯᠢ ᠶᠦᠩ᠂ ᠯᠧᠢ ᠺᠦᠨ᠂ ᠯᠢᠦ ᠭᠦᠸᠧ ᠭᠠᠩ ᠣᠷᠣᠯᠴᠠᠵᠠᠢ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2