ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2024/3/15
    3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠴᠢ ᠹᠧᠢ ᠶᠦᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠠᠯᠲᠠ ᠡᠭᠦᠷᠭᠡ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠪᠠᠶᠢᠳᠠᠯ ᠢ ᠣᠶᠢᠯᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠡᠬᠢᠯᠡᠭᠦᠯᠬᠦ ᠳᠤ ᠠᠰᠢᠭᠲᠠᠢ ᠠᠵᠠ ᠲᠣᠬᠢᠶᠠᠯ ᠢ ᠠᠮᠵᠢᠵᠤ᠂ ᠡᠯ᠎ᠡ ᠵᠦᠢᠯ ᠤᠨ ᠠᠵᠢᠯ ᠢᠶᠠᠨ ᠲᠦᠷᠭᠡᠨ ᠬᠢᠵᠦ᠂ ᠨᠠᠷᠢᠨ ᠠᠳᠬᠤᠵᠤ᠂ ᠪᠣᠳᠠᠲᠠᠢ ᠪᠠᠷ ᠬᠢᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠵᠤ᠂ ᠤᠢ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠶᠡᠬᠡᠪᠡᠷ ᠠᠬᠢᠭᠤᠯᠵᠤ᠂ ᠰᠡᠳᠬᠢᠴᠡ ᠵᠠᠭᠪᠤᠷ ᠲᠤ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠥᠷᠥᠯ ᠵᠦᠢᠯ ᠤᠨ ᠭᠠᠵᠠᠷ ᠰᠣᠩᠭᠤᠬᠤ᠂ ᠭᠠᠷᠳᠠᠮ ᠭᠦᠢᠴᠡᠳᠬᠡᠬᠦ᠂ ᠲᠥᠷᠥᠯ ᠵᠦᠢᠯ ᠤᠨ ᠪᠠᠷᠢᠯᠭ᠎ᠠ ᠪᠠᠷᠢᠬᠤ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠴᠠᠭ ᠤᠨ ᠬᠦᠰᠦᠨᠦᠭᠲᠦ ᠶᠢ ᠴᠢᠩᠭ᠎ᠠ ᠠᠩᠬᠠᠷᠴᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠡᠷᠲᠡ ᠠᠰᠢᠭᠯᠠᠯᠲᠠ ᠳᠤ ᠣᠷᠣᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠵᠤ᠂ ᠠᠮᠢ ᠠᠬᠤᠢ ᠶᠢᠨ ᠰᠠᠶᠢᠵᠢᠷᠠᠯᠲᠠ᠂ ᠠᠵᠤ ᠦᠢᠯᠡᠰ ᠤᠨ ᠬᠥᠭᠵᠢᠯᠲᠡ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠶᠦᠨ ᠫᠧᠩ ᠭᠠᠩ ᠬᠤᠷᠠᠯ ᠳᠤ ᠣᠷᠣᠯᠴᠠᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2