ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/15
    1 ᠰᠠᠷ᠎ᠠ ᠶᠢᠨ 30 ᠤ ᠡᠳᠦᠷ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠵᠤ᠂ 2023 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠶᠣᠤ ᠶᠦᠨ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ᠂ 2023 ᠣᠨ ᠳᠤ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠦᠨᠳᠦᠰᠦ ᠰᠠᠭᠤᠷᠢ ᠶᠢ ᠪᠠᠲᠤᠳᠬᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠠᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠡᠨᠡ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠰᠡᠳᠬᠢᠯ ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2