2024 ᠣᠨ ᠤ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠬᠡᠷᠡᠴᠢᠯᠡᠭᠡ ᠤᠨ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/18
ᠨᠢᠭᠡ᠂ ᠭᠡᠷᠡᠴᠢᠯᠡᠭᠡ ᠶᠢᠨ ᠬᠡᠪᠴᠢᠶ᠎ᠡ ᠵᠢᠴᠢ ᠤᠳᠠᠭ᠎ᠠ     ︵ᠨᠢᠭᠡ︶ ᠭᠡᠷᠡᠴᠢᠯᠡᠭᠡ ᠶᠢᠨ ᠬᠡᠪᠴᠢᠶ᠎ᠡ᠄ ᠬᠤᠲᠠ ᠶᠢᠨ ᠲᠣᠰ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ ᠠᠵᠢᠯᠳᠠᠳ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠣᠭᠲᠠᠮᠠᠯ ᠬᠤᠭᠤᠴᠠᠭ᠎ᠠ ᠲᠠᠢ ᠣᠯᠭᠤᠮᠵᠢ ᠠᠪᠬᠤ ᠬᠥᠮᠥᠰ ᠵᠢᠴᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤ ᠨᠥᠭᠴᠢᠭᠰᠡᠳ ᠤᠨ ᠭᠡᠷ ᠪᠦᠯᠢ ᠶᠢᠨ ᠠᠮᠢᠳᠤᠷᠠᠯ ᠤᠨ ᠬᠦᠴᠢᠷᠳᠡᠯ ᠲᠠᠢ ᠨᠥᠬᠦᠪᠦᠷᠢ ᠶᠢᠨ ᠵᠠᠷᠤᠳᠠᠯ ᠢ ᠰᠠᠷ᠎ᠠ ᠪᠠᠷ ᠠᠪᠬᠤ ᠬᠥᠮᠥᠰ᠃     ︵ᠬᠤᠶᠠᠷ︶ ᠭᠡᠷᠡᠴᠢᠯᠡᠭᠡ ᠶᠢᠨ ᠤᠳᠠᠭ᠎ᠠ᠄ ᠪᠠᠶᠢᠭᠤᠯᠭ᠎ᠠ ᠶᠢᠨ ᠠᠵᠢᠯ ᠦᠢᠯᠡᠰ ᠤᠨ ᠠᠵᠢᠯᠳᠠᠳ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠭᠡᠷᠡᠴᠢᠯᠡᠭᠡ ᠶᠢᠨ ᠦᠶᠡᠯᠡᠯ ᠤᠨ ᠬᠤᠭᠤᠴᠠᠭ᠎ᠠ ᠨᠢ ᠨᠢᠭᠡ ᠵᠢᠯ᠂ ᠵᠢᠯ ᠪᠦᠷᠢ ᠨᠢᠭᠡ ᠤᠳᠠᠭ᠎ᠠ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠬᠢᠨ᠎ᠡ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠮᠠᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠤᠭᠤᠴᠠᠭ᠎ᠠ ᠠᠴᠠ ᠬᠡᠲᠦᠷᠡᠵᠦ ᠬᠢᠷᠢ ᠬᠡᠮ ᠤᠨ ᠬᠡᠷᠡᠴᠢᠯᠡᠭᠡ ᠬᠢᠭᠰᠡᠨ ᠦᠭᠡᠢ ᠬᠥᠮᠥᠰ ᠲᠤ ᠣᠯᠭᠤᠮᠵᠢ ᠬᠠᠷᠠᠭᠠᠯᠵᠠᠯ ᠣᠯᠭᠤᠬᠤ ᠶᠢ ᠲᠦᠷ ᠵᠣᠭᠰᠣᠭᠠᠪᠠ︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠣᠭᠲᠠᠮᠠᠯ ᠬᠤᠭᠤᠴᠠᠭ᠎ᠠ ᠲᠠᠢ ᠬᠠᠷᠠᠭᠠᠯᠵᠠᠯ ᠬᠦᠷᠲᠡᠭᠴᠢ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠬᠦᠴᠢᠷᠳᠡᠯ ᠤᠨ ᠨᠥᠬᠦᠪᠦᠷᠢ ᠶᠢᠨ ᠦᠶᠡᠯᠡᠯ ᠤᠨ ᠬᠤᠭᠤᠴᠠᠭ᠎ᠠ ᠨᠢ ᠨᠢᠭᠡ ᠰᠠᠷ᠎ᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠮᠡᠳᠡᠭᠳᠡᠯ ᠶᠣᠰᠣᠭᠠᠷ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠰᠠᠷ᠎ᠠ ᠪᠦᠷᠢ ᠨᠢᠭᠡ ᠤᠳᠠᠭ᠎ᠠ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠬᠢᠵᠦ᠂ ᠰᠠᠷ᠎ᠠ ᠪᠦᠷᠢ ᠶᠢᠨ 15 ᠡᠳᠦᠷ ᠠᠴᠠ ᠡᠮᠦᠨ᠎ᠡ ᠬᠢᠵᠦ ᠳᠠᠭᠤᠰᠬᠠᠨ᠎ᠠ᠂ ᠱᠠᠭᠠᠷᠳᠠᠯᠭ᠎ᠠ ᠶᠣᠰᠣᠭᠠᠷ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠬᠢᠭᠰᠡᠨ ᠦᠭᠡᠢ ᠪᠠᠶᠢᠪᠠᠯ ᠲᠣᠰ ᠰᠠᠷ᠎ᠠ ᠳᠤ ᠣᠯᠭᠤᠮᠵᠢ ᠣᠯᠭᠤᠬᠤ ᠶᠢ ᠲᠦᠷ ᠵᠣᠭᠰᠣᠭᠠᠨ᠎ᠠ᠃ ᠬᠤᠶᠠᠷ᠂ ᠭᠡᠷᠡᠴᠢᠯᠡᠭᠡ ᠶᠢᠨ ᠠᠷᠭ᠎ᠠ ᠮᠠᠶ᠋ᠢᠭ     ︽ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠲᠥᠪᠯᠡᠷᠡᠭᠦᠯᠦᠨ ᠭᠡᠷᠡᠴᠢᠯᠡᠬᠦ ᠶᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠬᠠᠭᠠᠭᠰᠠᠨ﹇2018﹈ 54 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠭᠡᠷᠡᠴᠢᠯᠡᠭᠡ ᠳᠤ ᠭᠤᠣᠯᠳᠠᠭᠤ ᠠᠯᠤᠰ ᠡᠵᠡᠮᠰᠢᠯᠲᠦ ᠥᠪᠡᠰᠦᠪᠡᠨ ᠭᠡᠷᠡᠴᠢᠯᠡᠬᠦ ᠪᠠ ᠲᠣᠮᠣ ᠳ᠋ᠠᠶᠢᠲ᠋ᠠ ᠶᠢ ᠬᠠᠷᠢᠴᠠᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠬᠡᠯᠪᠡᠷᠢ ᠪᠤᠢ᠄     ︵ᠨᠢᠭᠡ︶ ᠭᠠᠷ ᠤᠲᠠᠰᠤ ᠪᠠᠷ ᠳᠠᠮᠵᠢᠭᠤᠯᠤᠨ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠭᠠᠷ ᠤᠲᠠᠰᠤᠨ ᠤ APP ᠶᠢ ᠤᠭᠰᠠᠷᠠᠬᠤ ᠶᠢᠨ ᠬᠠᠮᠲᠤ ᠳᠠᠩᠰᠠᠯᠠᠵᠤ᠂ ᠳᠣᠣᠷ᠎ᠠ ᠲᠠᠯ᠎ᠠ ᠶᠢᠨ ︽ᠬᠢᠷᠢ ᠬᠡᠮ ᠤᠨ ᠭᠡᠷᠡᠴᠢᠯᠡᠭᠡ︾ ᠶᠢ ᠲᠤᠶ᠋ᠢᠵᠦ᠂ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠶᠢ ᠥᠪᠡᠰᠦᠪᠡᠨ ᠭᠦᠢᠴᠡᠳᠬᠡᠨ᠎ᠡ᠃     ︵ᠬᠤᠶᠠᠷ︶ ᠭᠠᠷ ᠤᠲᠠᠰᠤ ᠪᠠᠷ ᠳᠠᠮᠵᠢᠭᠤᠯᠤᠨ ︽ᠠᠯᠠᠭᠠᠨ ᠳᠡᠭᠡᠷᠡᠬᠢ 12333︾ ᠭᠠᠷ ᠤᠲᠠᠰᠤᠨ ᠤ APP ᠶᠢ ᠤᠭᠰᠠᠷᠠᠬᠤ ᠶᠢᠨ ᠬᠠᠮᠲᠤ ᠳᠠᠩᠰᠠᠯᠠᠭᠤᠯᠵᠤ᠂ ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠭᠡᠳᠡᠭ ᠢ ᠳᠣᠶ᠋ᠢᠨ᠎ᠠ᠂ ᠨᠢᠭᠡᠨᠲᠡ ᠡᠯᠧᠺᠲᠷᠣᠨ ᠨᠡᠶᠢᠭᠡᠮ ᠤᠨ ᠳᠠᠭᠠᠳᠬᠠᠯ ᠤᠨ ᠺᠠᠷᠲ ᠢ ᠳᠠᠩᠰᠠᠯᠠᠭᠤᠯᠤᠭᠰᠠᠨ ᠬᠡᠷᠡᠭᠯᠡᠭᠴᠢ ᠰᠢᠭᠤᠳ ᠳᠡᠩᠰᠡᠯᠡᠵᠦ ᠪᠣᠯᠣᠨ᠎ᠠ᠂ ᠳᠡᠩᠰᠡᠯᠡᠵᠦ ᠥᠩᠭᠡᠷᠡᠭᠰᠡᠨ ᠦᠭᠡᠢ ᠪᠤᠯ ︽ᠰᠢᠨ᠎ᠡ ᠬᠡᠷᠡᠭᠯᠡᠭᠴᠢ ᠶᠢ ᠳᠠᠩᠰᠠᠯᠠᠬᠤ︾ ᠬᠡᠳᠡᠭ ᠢ ᠳᠣᠶ᠋ᠢᠨ᠎ᠠ ᠭᠡᠰᠡᠨ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠳᠡᠩᠰᠡᠯᠡᠵᠦ᠂ ᠳᠡᠩᠰᠡᠯᠡᠵᠦ ᠲᠡᠮᠳᠡᠭᠯᠡᠭᠰᠡᠨ ᠤ ᠳᠠᠷᠠᠭ᠎ᠠ ︽ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢ ᠳᠣᠶ᠋ᠢᠨ᠎ᠠ ᠭᠡᠰᠡᠨ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠡᠷᠡᠴᠢᠯᠡᠭᠡ ᠶᠢ ᠥᠪᠡᠰᠦᠪᠡᠨ ᠬᠦᠢᠴᠡᠳᠭᠡᠵᠦ ᠪᠣᠯᠣᠨ᠎ᠠ᠃     ︵ᠭᠤᠷᠪᠠ︶ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠵᠡᠭᠦᠨ ᠳᠣᠣᠷ᠎ᠠ ᠲᠠᠯ᠎ᠠ ᠶᠢᠨ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ︾ ᠭᠡᠳᠡᠭ ᠢ ᠳᠤᠶ᠋ᠢᠵᠤ᠂ ︽ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢ ᠰᠣᠩᠭᠤᠵᠤ᠂ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠭᠤᠯᠭ᠎ᠠ ︵ᠭᠡᠷᠡᠴᠢᠯᠡᠭᠡ ᠶᠢᠨ ᠲᠥᠷᠥᠯ ᠵᠦᠢᠯ ᠳᠤ ︽ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠭᠡ︾᠂ ︽ᠨᠠᠰᠤᠵᠢᠯ ᠤᠨ ᠠᠰᠠᠷᠠᠮᠵᠢ ᠶᠢᠨ ᠨᠥᠭᠴᠢᠭᠰᠡᠳ ᠤᠨ ᠭᠡᠷ ᠪᠦᠯᠢ ᠶᠢᠨ ᠭᠡᠷᠡᠴᠢᠯᠡᠭᠡ︾᠂ ︽ᠠᠵᠢᠯ ᠠᠴᠠ ᠪᠣᠯᠤᠭᠰᠠᠨ ᠭᠡᠮᠲᠦᠯ ᠤᠨ ᠭᠡᠷ ᠪᠦᠯᠢ ᠶᠢᠨ ᠭᠡᠷᠡᠴᠢᠯᠡᠭᠡ︾᠂ ︽ᠠᠵᠢᠯ ᠠᠴᠠ ᠪᠣᠯᠤᠭᠰᠠᠨ ᠭᠡᠮᠲᠦᠯ ᠤᠨ ᠭᠡᠷ ᠪᠦᠯᠢ ᠶᠢᠨ ᠭᠡᠷᠡᠴᠢᠯᠡᠭᠡ︾ ᠶᠢ ᠰᠣᠩᠭᠤᠨ᠎ᠠ︶ ᠶᠢ ᠳᠠᠭᠯᠠᠵᠤ᠂ ᠬᠥᠮᠥᠨ ᠤ ᠵᠢᠰᠦ ᠶᠢ ᠢᠯᠭᠠᠨ ᠲᠠᠨᠢᠬᠤ ᠬᠡᠯᠪᠡᠷᠢ ᠪᠠᠷ ᠳᠠᠮᠵᠢᠭᠤᠯᠤᠨ ᠬᠡᠷᠡᠴᠢᠯᠡᠭᠡ ᠶᠢ ᠥᠪᠡᠰᠦᠪᠡᠨ ᠪᠡᠶᠡᠯᠡᠭᠦᠯᠦᠨ᠎ᠡ᠃     ︵ᠳᠥᠷᠪᠡ︶ ᠨᠠᠰᠤᠵᠢᠭᠰᠠᠨ᠂ ᠡᠪᠡᠳᠴᠢᠯᠡᠭᠰᠡᠨ ᠵᠡᠷᠭᠡ ᠰᠢᠯᠲᠠᠭᠠᠨ ᠠᠴᠠ ᠪᠣᠯᠵᠤ ᠰᠦᠯᠵᠢᠶᠡᠨ ᠳᠡᠭᠡᠷᠡᠬᠢ ᠬᠡᠷᠡᠴᠢᠯᠡᠭᠡ ᠶᠢ ᠥᠪᠡᠰᠦᠪᠡᠨ ᠪᠡᠶᠡᠯᠡᠭᠦᠯᠬᠦ ᠶᠢᠨ ᠠᠷᠭ᠎ᠠ ᠦᠭᠡᠢ ᠬᠥᠮᠥᠰ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯᠲᠠᠨ ᠲᠠᠢ ᠬᠠᠷᠢᠯᠴᠠᠵᠤ ᠪᠤᠯᠤᠨ᠎ᠠ᠃ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠣᠯᠭᠤᠮᠵᠢ ᠶᠢ ᠲᠦᠷ ᠵᠣᠭᠰᠣᠭᠠᠬᠤ ᠲᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠭᠡᠷᠡᠴᠢᠯᠡᠭᠦᠯᠦᠭᠡᠳᠦᠢ ᠬᠥᠮᠥᠰ ᠲᠤ ᠴᠠᠭ ᠲᠤᠬᠠᠢ  ᠳᠤᠨᠢ ᠣᠯᠭᠤᠮᠵᠢ ᠣᠯᠭᠤᠬᠤ ᠶᠢ ᠨᠢ ᠲᠦᠷ ᠵᠣᠭᠰᠣᠭᠠᠨ ᠰᠢᠢᠳᠪᠦᠷᠢᠯᠡᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠠᠰᠤᠵᠢᠯ ᠤᠨ ᠪᠠᠶᠢᠭᠤᠯᠤᠮᠵᠢ ︵ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠨ ᠢ ᠰᠤᠪᠢᠯᠠᠬᠤ ᠬᠦᠷᠢᠶᠡᠯᠡᠩ︶ ᠵᠡᠷᠭᠡ ᠰᠠᠯᠠᠭ᠎ᠠ ᠮᠥᠴᠢᠷ ᠢᠶᠠᠷ ᠳᠠᠮᠵᠢᠭᠤᠯᠤᠨ ᠬᠠᠷᠠᠭᠠᠯᠵᠠᠯ ᠬᠦᠷᠲᠡᠭᠴᠢ ︵ᠨᠠᠰᠤ ᠪᠠᠷᠠᠭᠰᠠᠳ᠂ ᠡᠷᠡᠭᠦᠦ ᠶᠢᠨ ᠰᠢᠢᠳᠬᠡᠯ ᠬᠦᠯᠢᠶᠡᠭᠴᠢ︶  ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠤᠯᠵᠤ᠂ ᠣᠯᠭᠤᠮᠵᠢ ᠠᠪᠬᠤ ᠬᠢᠷᠢ ᠬᠡᠮ ᠢᠶᠠᠨ ᠠᠯᠳᠠᠭᠰᠠᠨ ᠬᠥᠮᠥᠰ ᠲᠤ ᠣᠯᠭᠤᠮᠵᠢ ᠣᠯᠭᠤᠬᠤ ᠶᠢ ᠴᠠᠭ ᠲᠤᠬᠠᠢ ᠳᠤᠨᠢ ᠲᠦᠷ ᠵᠣᠭᠰᠣᠭᠠᠨ᠎ᠠ᠃ ᠬᠡᠪ ᠤᠨ ᠣᠯᠭᠤᠮᠵᠢ ᠠᠪᠬᠤ ᠬᠥᠮᠥᠰ ᠲᠤ ᠴᠢᠭᠯᠡᠭᠦᠯᠦᠨ᠂ ᠬᠢᠷᠢ ᠬᠡᠮ ᠤᠨ ᠭᠡᠷᠡᠴᠢᠯᠡᠭᠡ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠪᠡᠶᠡᠯᠡᠭᠦᠯᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠨᠡᠶᠢᠭᠡᠮ ᠤᠨ ᠳᠠᠭᠠᠳᠬᠠᠯ ᠤᠨ ᠣᠯᠭᠤᠮᠵᠢ ᠥᠭᠬᠦ ᠶᠢ ᠲᠦᠷ ᠵᠣᠭᠰᠣᠭᠠᠨ᠎ᠠ᠃      ︵ᠬᠤᠶᠠᠷ︶ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠥᠮᠥᠰ ᠨᠠᠰᠤ ᠪᠠᠷᠠᠪᠠᠯ᠂ 15 ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠠᠪᠬᠤ ᠭᠠᠵᠠᠷ ᠤᠨ ᠨᠡᠶᠢᠭᠡᠮ ᠤᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ᠂ ᠣᠷᠣᠰᠢᠭᠤᠯᠭ᠎ᠠ ᠶᠢᠨ ᠵᠠᠷᠤᠳᠠᠯ ᠪᠣᠯᠣᠨ ᠠᠰᠠᠷᠠᠮᠵᠢ ᠶᠢᠨ ᠮᠥᠩᠭᠦ ᠶᠢ ᠨᠢ ᠭᠦᠢᠴᠡᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ   ᠢ ᠠᠪᠤᠭᠰᠠᠨ ᠰᠡᠵᠢᠭᠯᠡᠯᠲᠡᠢ ᠬᠥᠮᠥᠰ ᠬᠠᠭᠤᠷᠮᠠᠭᠯᠠᠨ ᠠᠪᠤᠭᠰᠠᠨ ᠰᠠᠭᠤᠷᠢ ᠮᠥᠩᠭᠦ  ᠪᠠᠨ ᠪᠤᠴᠠᠭᠠᠬᠤ ᠶᠢ ᠲᠡᠪᠴᠢᠭᠰᠡᠨ ᠪᠠᠶᠢᠪᠠᠯ᠂ ︽ᠨᠡᠶᠢᠭᠡᠮ ᠤᠨ ᠳᠠᠭᠠᠳᠬᠠᠯ ᠤᠨ ᠬᠠᠤᠯᠢ︾   ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠭᠤᠷᠪᠠ︶ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠯᠠᠭᠤᠮᠰᠤᠭ᠂ ᠬᠦᠯᠢᠴᠡᠩᠭᠦᠢ᠂ ᠨᠠᠷᠢᠨ ᠨᠢᠮᠪᠠᠢ᠂ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠥᠨᠳᠥᠷ ᠨᠠᠰᠤᠲᠠᠢ᠂ ᠪᠡᠶ᠎ᠡ ᠪᠠᠭᠤᠷᠠᠢ᠂ ᠤᠯᠠᠨ ᠡᠪᠡᠳᠴᠢᠨ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠲᠤ ᠴᠢᠭᠯᠡᠭᠦᠯᠦᠨ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠨ᠎ᠡ᠃ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ᠠᠰᠠᠭᠤᠨ ᠯᠠᠪᠯᠠᠬᠤ ᠤᠲᠠᠰᠤ᠄     ᠠᠯᠪᠠᠨ ᠪᠠᠶᠢᠭᠤᠯᠭ᠎ᠠ ᠶᠢᠨ ᠠᠵᠢᠯ ᠦᠢᠯᠡᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠠᠯᠠᠭ᠎ᠠ ︵0474 - 8810697︶     ᠪᠤᠴᠠᠭᠠᠬᠤ ᠬᠠᠮᠢᠶᠠᠷᠬᠤ ᠦᠢᠯᠡᠴᠢᠯᠡᠭᠡᠨ ᠤ ᠰᠠᠯᠠᠭ᠎ᠠ ︵ᠠᠵᠤ ᠠᠬᠤᠶᠢᠯᠠᠯ︶ ︵0474 - 8815376︶     ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠠᠯᠠᠭ᠎ᠠ ︵0474 - 8256052︶                              ᠤᠯᠠᠭᠠᠨᠴᠠᠪ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ                                                2024 ᠣᠨ ᠤ 3 ᠰᠠᠷ᠎ᠠ ᠶᠢᠨ 7 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2