ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/18
   3 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠠᠵᠢᠯ ᠢ ᠰᠤᠳᠤᠯᠵᠤ᠂ ᠪᠥᠬᠦ ᠬᠤᠲᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ ︵ᠵᠠᠰᠠᠪᠤᠷᠢ ᠣᠷᠣᠭᠤᠯᠤᠭᠰᠠᠨ ᠬᠡᠪᠯᠡᠯ︶︾ ︽ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠪᠬᠢᠲᠡᠢ ᠤᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠠᠷ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠡᠬᠢ ᠪᠠᠶᠠᠯᠢᠭ ᠣᠷᠴᠢᠨ ᠲᠣᠭᠤᠷᠢᠨ ᠤ ᠳᠠᠪᠠᠭᠤᠯᠢᠭ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠦᠪᠰᠢᠨ ᠵᠡᠷᠭᠡ ᠪᠤᠰᠤᠳᠴᠢ ᠪᠠᠶᠢᠳᠠᠯ ᠳᠤ ᠰᠠᠭᠤᠷᠢᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠤᠯᠠᠭᠠᠨᠴᠠᠪ ᠬᠤᠳᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠳᠠᠭᠠᠭᠠᠴᠠ ᠶᠢᠨ ᠬᠤᠳᠠ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠬᠦᠢᠰᠦ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠤᠷᠢᠳᠴᠢᠯᠠᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠲᠤᠶᠢᠯᠪᠤᠷᠢᠲᠠᠢ ᠰᠠᠶᠢᠲᠤᠷ ᠠᠳᠬᠤᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠶᠢᠨ ᠱᠠᠩᠨᠠᠯ ᠢ ᠴᠠᠭ ᠲᠤᠬᠠᠢ ᠳᠤᠨᠢ ᠲᠤᠭ᠎ᠠ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2