ᠤᠯᠠᠭᠠᠨᠴᠠᠪ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/19
ᠬᠤᠲᠠ ᠶᠢᠨ ᠠᠷᠠᠳ ᠨᠠᠶᠢᠵᠠ ᠨᠠᠷ ᠠ᠋᠄    ᠦᠨᠡᠨᠴᠢ ᠢᠲᠡᠭᠡᠮᠵᠢ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠨᠡᠶᠢᠭᠡᠮ ᠤᠨ ᠡᠶ᠎ᠡ ᠵᠣᠬᠢᠴᠠᠯ ᠤᠨ ᠰᠠᠭᠤᠷᠢ ᠮᠥᠨ᠃ ᠬᠥᠮᠥᠨ ᠢᠲᠡᠭᠡᠯ ᠦᠭᠡᠢ ᠪᠣᠯ ᠪᠦᠲᠦᠵᠦ ᠴᠢᠳᠠᠬᠤ ᠦᠭᠡᠢ᠂ ᠦᠢᠯᠡᠰ ᠢᠲᠡᠭᠡᠯ ᠦᠭᠡᠢ ᠪᠣᠯ ᠬᠥᠭᠵᠢᠨ ᠮᠠᠨᠳᠤᠵᠤ ᠴᠢᠳᠠᠬᠤ ᠦᠭᠡᠢ᠂ ᠭᠡᠷ ᠪᠦᠯᠢ ᠢᠲᠡᠭᠡᠯ ᠦᠭᠡᠢ ᠪᠣᠯ ᠡᠶᠡᠳᠡᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠦᠨᠡᠨᠴᠢ ᠰᠢᠳᠤᠷᠭᠤ᠂ ᠢᠲᠡᠭᠡᠮᠵᠢᠲᠡᠢ᠂ ᠡᠷᠬᠡ ᠲᠡᠭᠰᠢ᠂ ᠥᠪᠡᠷ ᠢ ᠪᠠᠨ ᠱᠠᠭᠠᠷᠳᠠᠬᠤ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠮᠠᠨ ᠤ ᠬᠤᠲᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠵᠡᠷᠭᠡ ᠳᠦᠷᠪᠡᠨ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠪᠡ᠂ ᠠᠳᠡ ᠪᠢᠳᠡ ᠪᠦᠬᠦ ᠬᠤᠲᠠ ᠶᠢᠨ ᠠᠷᠠᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄     ᠨᠢᠭᠡ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ︽ᠢᠲᠡᠭᠡᠮᠵᠢ ᠶᠢ ᠰᠠᠬᠢᠵᠤ ᠠᠮᠠᠯᠠᠯᠲᠠ ᠪᠠᠨ ᠪᠡᠶᠡᠯᠡᠭᠦᠯᠬᠦ︾ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠪᠢᠳᠡ ᠦᠨᠡᠨᠴᠢ ᠢᠲᠡᠭᠡᠮᠵᠢᠲᠡᠢ ᠦᠭᠡ ᠬᠡᠯᠡᠵᠦ᠂ ᠦᠨᠡᠨᠴᠢ ᠢᠲᠡᠭᠡᠮᠵᠢᠲᠡᠢ ᠠᠵᠢᠯ ᠬᠢᠵᠦ᠂ ᠦᠨᠡᠨᠴᠢ ᠢᠲᠡᠭᠡᠮᠵᠢᠲᠡᠢ ᠬᠥᠮᠥᠨ ᠪᠣᠯᠵᠤ᠂ ᠠᠵᠢᠯ ᠤᠨ ᠳᠤᠮᠳᠠ ᠪᠠᠨ ᠦᠨᠡᠨᠴᠢ ᠢᠲᠡᠭᠡᠮᠵᠢᠲᠡᠢ ᠪᠠᠷ ᠶᠠᠪᠤᠳᠠᠯ ᠢ ᠰᠢᠢᠳᠪᠦᠷᠢᠯᠡᠵᠦ᠂ ᠦᠨᠡᠨᠴᠢ ᠢᠲᠡᠭᠡᠮᠵᠢᠲᠡᠢ ᠪᠠᠷ ᠠᠵᠢᠯ ᠦᠢᠯᠡᠰ ᠡᠷᠬᠢᠯᠡᠨ᠂ ᠠᠷᠭ᠎ᠠ ᠵᠠᠯᠢ ᠬᠡᠷᠡᠭᠯᠡᠨ ᠠᠮᠢ ᠬᠤᠪᠢᠨ ᠳᠤ ᠪᠠᠨ ᠲᠠᠲᠠᠬᠤ᠂ ᠳᠡᠭᠡᠷᠡᠬᠢ ᠪᠠᠨ ᠮᠡᠬᠡᠯᠡᠵᠦ ᠳᠣᠣᠷᠠᠬᠢ ᠪᠠᠨ ᠬᠠᠭᠤᠷᠬᠤ ᠶᠢ ᠡᠰᠡᠷᠭᠦᠴᠡᠬᠦ ᠬᠡᠷᠡᠭᠲᠡᠢ᠃ ᠠᠮᠢᠳᠤᠷᠠᠯ ᠤᠨ ᠳᠤᠮᠳᠠ ᠪᠠᠨ ᠪᠤᠰᠤᠳ ᠲᠤ ᠦᠨᠡᠨᠴᠢ ᠪᠠᠷ ᠬᠠᠨᠳᠤᠵᠤ᠂ ᠠᠮᠠᠯᠠᠯᠲᠠ ᠪᠠᠨ ᠬᠢᠴᠢᠶᠡᠩᠭᠦᠶᠢᠯᠡᠨ ᠵᠢᠷᠤᠮᠯᠠᠵᠤ᠂ ᠬᠤᠳᠠᠯ ᠬᠠᠭᠤᠷᠮᠠᠭ ᠰᠠᠨᠠᠭ᠎ᠠ ᠡᠪᠦᠷᠯᠡᠬᠦ᠂ ᠢᠲᠡᠭᠡᠯ ᠵᠢᠷᠤᠮ ᠠᠴᠠ ᠲᠡᠷᠰᠯᠡᠬᠦ ᠶᠢ ᠡᠰᠡᠷᠭᠦᠴᠡᠬᠦ ᠬᠡᠷᠡᠭᠲᠡᠢ᠃ ᠰᠤᠷᠤᠯᠴᠠᠯᠭ᠎ᠠ ᠶᠢᠨ ᠳᠤᠮᠳᠠ ᠪᠠᠨ ᠯᠠᠪᠳᠠᠭᠤᠨ ᠪᠠᠲᠤᠲᠠᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠰᠡᠷᠭᠦᠴᠡᠬᠦ ᠬᠡᠷᠡᠭᠲᠡᠢ᠃ ᠡᠵᠡᠩᠨᠡᠯᠲᠡ ᠶᠢᠨ ᠳᠤᠮᠳᠠ ᠪᠠᠨ ᠦᠨ᠎ᠡ ᠬᠠᠩᠰᠢ ᠶᠢ ᠢᠯᠡ ᠲᠡᠮᠳᠡᠭᠯᠡᠵᠦ᠂ ᠭᠤᠣᠯᠴᠢ ᠪᠠᠷ ᠠᠷᠠᠯᠵᠢᠶᠠᠯᠠᠬᠤ ᠶᠢ ᠪᠡᠶᠡᠯᠡᠭᠦᠯᠵᠦ᠂ ᠬᠤᠳᠠᠯ ᠬᠠᠭᠤᠷᠮᠠᠭ ᠵᠦᠢᠯ ᠢ ᠦᠢᠯᠡᠳᠴᠦ ᠪᠣᠷᠣᠯᠠᠭᠤᠯᠬᠤ ᠶᠢ ᠡᠰᠡᠷᠭᠦᠴᠡᠬᠦ ᠬᠡᠷᠡᠭᠲᠡᠢ᠃     ᠬᠤᠶᠠᠷ᠂ ᠦᠨᠡᠨᠴᠢ ᠢᠲᠡᠭᠡᠮᠵᠢᠲᠡᠢ ᠪᠠᠶᠢᠬᠤ ᠦᠵᠡᠯᠲᠡ ᠶᠢ ᠪᠣᠶ ᠪᠣᠯᠭᠠᠵᠤ᠂ ︽ᠦᠨᠡᠨᠴᠢ ᠢᠲᠡᠭᠡᠮᠵᠢᠲᠡᠢ ᠤᠯᠠᠭᠠᠨᠴᠠᠪ︾ ᠤᠨ ᠪᠦᠲᠦᠭᠡᠨ ᠪᠠᠶᠢᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠪᠢᠳᠡ ᠦᠨᠡᠨᠴᠢ ᠢᠲᠡᠭᠡᠮᠵᠢᠲᠡᠢ ᠪᠠᠷ ᠬᠥᠭᠵᠢᠯᠲᠡ ᠶᠢ ᠠᠬᠢᠭᠤᠯᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠢᠳᠡᠪᠬᠢᠲᠡᠢ ᠰᠠᠨᠠᠭᠠᠴᠢᠯᠠᠵᠤ᠂ ᠦᠨᠡᠨᠴᠢ ᠢᠲᠡᠭᠡᠮᠵᠢᠲᠡᠢ ᠪᠠᠶᠢᠬᠤ ᠦᠶᠯᠡ ᠠᠵᠢᠯᠯᠠᠭᠠᠨ ᠤ ᠵᠢᠷᠤᠮᠵᠢᠯ ᠢ ᠤᠬᠠᠮᠰᠠᠷ ᠠᠴᠠ ᠪᠠᠨ ᠵᠢᠷᠤᠮᠯᠠᠨ᠂ ᠦᠨᠡᠨᠴᠢ ᠢᠲᠡᠭᠡᠮᠵᠢ ᠶᠢᠨ ᠰᠢᠨ᠎ᠡ ᠶᠢ ᠡᠭᠦᠳᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠢᠲᠡᠭᠡᠯ ᠠᠯᠳᠠᠭᠰᠠᠨ ᠦᠵᠡᠭᠳᠡᠯ ᠢ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠵᠦ᠂ ︽ᠦᠨᠡᠨᠴᠢ ᠢᠲᠡᠭᠡᠮᠵᠢᠲᠡᠢ ᠤᠯᠠᠭᠠᠨᠴᠠᠪ︾ ᠤᠨ ᠰᠠᠶᠢᠨ ᠰᠠᠶᠢᠬᠠᠨ ᠳᠦᠷᠢ ᠲᠥᠷᠬᠦ ᠶᠢ ᠬᠠᠮᠲᠤᠪᠠᠷ ᠪᠣᠶ ᠪᠣᠯᠭᠠᠬᠤ ᠬᠡᠷᠡᠭᠲᠡᠢ᠃     ᠭᠤᠷᠪᠠ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠦᠨᠡᠨᠴᠢ ᠢᠲᠡᠭᠡᠮᠵᠢᠲᠡᠢ ᠤᠯᠠᠭᠠᠨᠴᠠᠪ︾ ᠤᠨ ᠤᠯᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠪᠢᠳᠡ ᠢᠲᠡᠭᠡᠯ ᠬᠦᠨᠳᠦ ᠲᠠᠢ ᠪᠠᠶᠢᠬᠤ ᠨᠢ ᠢᠷᠠᠭᠤ ᠠᠯᠳᠠᠷᠲᠠᠢ᠂ ᠢᠲᠡᠭᠡᠯ ᠠᠯᠳᠠᠭᠰᠠᠨ ᠨᠢ ᠢᠴᠢᠭᠦᠷᠢᠲᠡᠢ ᠭᠡᠬᠦ ᠦᠷᠳᠡᠭ ᠤᠨ ᠦᠵᠡᠯᠲᠡ ᠶᠢ ᠢᠳᠡᠪᠬᠢᠲᠡᠢ ᠪᠠᠷ ᠤᠯᠠᠮᠵᠢᠯᠠᠨ ᠲᠡᠯᠭᠡᠷᠡᠬᠦᠯᠵᠦ᠂ ᠥᠪᠡᠷ ᠤᠨ ᠢᠲᠡᠭᠡᠯ ᠬᠦᠨᠳᠦ ᠪᠠᠨ ᠬᠠᠶᠢᠷᠠᠯᠠᠨ ᠬᠠᠮᠠᠭᠠᠯᠠᠵᠤ᠂ ᠠᠮᠠᠯᠠᠯᠲᠠ ᠪᠠᠨ ᠨᠠᠨᠳᠢᠩᠨᠠᠨ ᠪᠡᠶᠡᠯᠡᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠵᠤ᠂ ᠪᠤᠰᠤᠳ ᠲᠤ ᠦᠨᠡᠨᠴᠢ ᠪᠠᠷ ᠬᠠᠨᠳᠤᠵᠤ᠂ ᠢᠲᠡᠭᠡᠯ ᠢᠶᠠᠷ ᠠᠳᠠᠯ ᠦᠢᠯᠡᠰ ᠪᠦᠲᠦᠭᠡᠵᠦ᠂ ᠢᠲᠡᠭᠡᠮᠵᠢ ᠶᠢ ᠴᠢᠬᠤᠯᠠᠴᠢᠯᠠᠵᠦ᠂ ᠠᠮᠠᠯᠠᠯᠲᠠ ᠪᠠᠨ ᠰᠠᠬᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃     ᠬᠤᠳᠠ ᠶᠢᠨ ᠠᠷᠠᠳ ᠨᠠᠶᠢᠵᠠ ᠨᠠᠷ ᠡ᠂ ᠦᠨᠡᠨᠴᠢ ᠢᠲᠡᠭᠡᠮᠵᠢ ᠲᠠᠢ ᠪᠣᠯ ᠳᠠᠶᠠᠩ ᠳᠡᠯᠡᠬᠡᠢ ᠶᠢ ᠲᠣᠭᠤᠷᠢᠵᠤ᠂ ᠢᠲᠡᠭᠡᠯ ᠢᠶᠠᠨ ᠠᠯᠳᠠᠪᠠᠯ ᠨᠢᠭᠡ ᠠᠯᠬᠤᠮ ᠴᠤ ᠤᠷᠤᠭᠰᠢᠯᠠᠵᠤ ᠳᠡᠶᠢᠯᠬᠦ ᠦᠭᠡᠢ ᠶᠤᠮ᠃ ᠪᠢᠳᠡ ᠳᠡᠷᠭᠡᠳᠡᠬᠢ ᠪᠠᠭ᠎ᠠ ᠶᠠᠪᠤᠳᠠᠯ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠠᠴᠠ ᠪᠠᠨ ᠡᠬᠢᠯᠡᠨ ᠬᠢᠵᠦ᠂ ᠦᠨᠡᠨᠴᠢ ᠢᠲᠡᠭᠡᠮᠵᠢ ᠶᠢᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠦᠨᠡᠨᠴᠢ ᠢᠲᠡᠭᠡᠮᠵᠢᠲᠡᠢ ᠬᠤᠳᠠ ᠶᠢᠨ ᠠᠷᠠᠳ ᠪᠣᠯᠬᠤ ᠪᠠᠷ ᠴᠢᠷᠮᠠᠶᠢᠵᠤ᠂ ᠮᠠᠨ ᠤ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠦᠪᠡᠷ ᠤᠨ ᠬᠡᠰᠡᠨ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠵᠠᠭᠠᠶ᠎ᠠ︕                ᠤᠯᠠᠭᠠᠨᠴᠠᠪ ᠬᠤᠲᠠ ᠶᠢᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                                              2024 ᠣᠨ ᠤ 3 ᠰᠠᠷ᠎ᠠ ᠶᠢᠨ 13 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2