ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2024/3/19
   ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠳᠣᠷᠣᠭᠰᠢ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠭᠠᠵᠠᠷ ᠤᠨ ᠲᠠᠰ ᠤᠨ᠂ ᠤᠯᠠᠭᠠᠨᠴᠠᠪ ᠬᠤᠲᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠳᠠᠨ᠎ᠠ᠃   ᠨᠢᠭᠡ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄   ︵ᠨᠢᠭᠡ︶ ᠦᠨᠳᠦᠰᠦᠲᠡᠨ ᠤ ᠠᠵᠢᠯ ᠤᠨ ᠲᠤᠬᠠᠢ ᠴᠢᠭᠯᠡᠯᠲᠡ᠂ ᠲᠤᠶᠢᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔   ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠪᠦᠬᠦ ᠬᠤᠳᠠ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠲᠦᠷᠦ ᠶᠢᠨ ᠪᠣᠳᠣᠯᠭ᠎ᠠ ᠪᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠣᠣᠷᠠᠭᠯᠠᠨ ᠪᠢᠴᠢᠨ᠎ᠡ︔ ᠡᠭᠦᠨ ᠤ ᠬᠠᠮᠲᠤ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠠᠵᠢᠯ ᠤᠨ ᠴᠢᠬᠤᠯᠠ ᠶᠡᠭᠡ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠤᠨ ᠲᠤᠬᠠᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃   ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃   ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠭᠠᠵᠠᠷ ᠣᠷᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠯᠠᠪᠳᠠᠭᠤᠯᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠦᠨᠳᠦᠰᠦᠲᠡᠨ ᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃   ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃   ︵ᠲᠠᠪᠤ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠵᠢᠯᠤᠭᠤᠳᠴᠤ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ︔ ᠦᠨᠳᠦᠰᠦᠲᠡᠨ ᠤ ᠰᠤᠮᠤ ᠲᠠᠢ ᠬᠠᠷᠢᠯᠴᠠᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠪᠠᠶᠢᠴᠠᠭᠠᠯᠲᠠ ᠬᠢᠬᠦ ᠵᠡᠷᠭᠡ ᠶᠠᠪᠤᠳᠠᠯ ᠢ ᠬᠦᠯᠢᠶᠡᠨ ᠠᠪᠴᠤ ᠵᠣᠴᠢᠯᠠᠬᠤ ᠠᠵᠢᠯ ᠢ ᠵᠣᠬᠢᠶᠠᠨ ᠪᠠᠶᠢᠭᠤᠯᠤᠨ᠎ᠠ᠃   ︵ᠵᠢᠷᠭᠤᠭ᠎ᠠ︶ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠺᠢᠨᠣ᠋ ᠲᠧᠯᠸᠢᠰ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃   ︵ᠲᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃   ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃   ︵ᠶᠢᠰᠦ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠪᠠ  ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ᠂ ᠢᠳᠡᠭᠡᠨ ᠤ ᠠᠮᠤᠷ ᠲᠦᠪᠰᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃   ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃   ᠬᠤᠶᠠᠷ᠂ ᠳᠣᠲᠣᠭᠠᠳᠤ ᠪᠠᠶᠢᠭᠤᠯᠤᠮᠵᠢ   ︵ᠨᠢᠭᠡ︶ ᠠᠯᠪᠠᠨ ᠭᠡᠷ   ︵ᠬᠤᠶᠠᠷ︶ ᠦᠨᠳᠦᠰᠦᠲᠡᠨ ᠤ ᠰᠠᠯᠠᠭ᠎ᠠ   ︵ᠭᠤᠷᠪᠠ︶ ᠮᠣᠩᠭᠤᠯ ᠬᠡᠯᠡᠨ ᠤ ᠰᠠᠯᠠᠭ᠎ᠠ   ᠭᠤᠷᠪᠠ᠂ ᠬᠠᠶ᠋ᠢᠭ᠂ ᠬᠠᠷᠢᠯᠴᠠᠬᠤ ᠠᠷᠭ᠎ᠠ   ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠷᠠᠳᠢᠣ᠋ ᠲᠧᠯᠸᠢᠰ ᠤᠨ ᠲᠣᠮᠣ ᠠᠰᠠᠷ ᠤᠨ ᠪᠠᠷᠠᠭᠤᠨ ᠲᠠᠯ᠎ᠠ ᠶᠢᠨ 1 ︱ 2 ᠳ᠋ᠤᠭᠠᠷ ᠠᠰᠠᠷ   ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 9᠄ 00 - 12᠄ 00᠂ 14᠄ 30 - 18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶   ᠤᠲᠠᠰᠤ᠄ 0474-8181570 ︵ᠹᠠᠺᠰ ᠪᠠᠭᠲᠠᠨ᠎ᠠ︶   ᠬᠠᠷᠢᠭᠤᠴᠠᠯᠭᠠᠲᠠᠨ ᠤ ᠣᠪᠣᠭ ᠨᠡᠷ᠎ᠡ  ᠄  ᠶᠦᠨ ᠱᠤ᠋ ᠫᠢᠩ   ᠰᠢᠤᠳᠠᠨ ᠳ᠋ᠤᠭᠠᠷ᠄ 012000                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2