ᠯᠢᠶᠡᠩᠴᠧᠩ ᠰᠢᠶᠠᠨ ︽ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ ᠦᠨᠡᠨᠴᠢ ᠢᠲᠡᠭᠡᠮᠵᠢᠲᠡᠢ ᠡᠮᠴᠢᠯᠡᠭᠡ ᠶᠢ ᠦᠢᠯᠡᠳᠦᠯᠭᠡᠵᠢᠭᠦᠯᠵᠦ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ︾ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/19
    ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠪᠣᠯᠣᠨ ᠠᠷᠠᠳ ᠲᠦᠮᠡᠨ ᠳᠤ ᠦᠢᠯᠡᠴᠢᠯᠡᠬᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠡᠳᠦᠷ ᠲᠤᠲᠤᠮ ᠤᠨ ᠠᠮᠢᠳᠤᠷᠠᠯ ᠳᠠᠭᠠᠨ ᠠᠭᠤᠰᠬᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠭᠠᠵᠠᠷ ᠪᠣᠯᠭᠠᠨ ᠳᠤ ᠳᠡᠯᠭᠡᠷᠡᠭᠦᠯᠵᠦ᠂ ᠠᠷᠠᠳ ᠢᠷᠭᠡᠳ ᠢ ᠳᠤᠯᠠᠭᠠᠴᠠᠭᠤᠯᠬᠤ ᠶᠢᠨ ᠲᠥᠯᠥᠭᠡ᠂ 3 ᠰᠠᠷ᠎ᠠ ᠶᠢᠨ 15  ᠤ ᠡᠳᠦᠷ᠂ ᠯᠢᠶᠠᠩᠴᠧᠩ ᠰᠢᠶᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠢ ᠠᠩᠭᠢ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠠᠶᠢᠬ᠎ᠠ ᠠᠭᠤᠳᠠᠮ ᠲᠠᠯᠠᠪᠠᠢ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠲᠤᠬᠠᠢ ᠶᠢᠨ ᠲᠠᠯᠠᠪᠤᠷ ᠲᠤ ᠬᠥᠮᠥᠨ ᠤ ᠪᠡᠶ᠎ᠡ ᠶᠢᠨ ᠵᠠᠭᠪᠤᠷ ᠢᠶᠠᠷ ᠵᠢᠷᠦᠬᠡ ᠠᠭᠤᠰᠬᠢᠨ ᠤ ᠰᠡᠷᠭᠦᠭᠡᠯᠲᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠵᠦ᠂ ᠣᠯᠠᠨ ᠲᠦᠮᠡᠨ ᠳᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ ᠥᠭᠴᠦ᠂ ᠨᠠᠷᠢᠨ ᠨᠢᠮᠪᠠᠢ ᠠᠵᠢᠯᠯᠠᠭ᠎ᠠ ᠪᠠᠷ ᠲᠠᠶᠢᠯᠪᠤᠷᠢᠯᠠᠨ ᠦᠵᠡᠭᠦᠯᠵᠤ᠂ ᠠᠯᠬᠤᠮ ᠳᠠᠷᠠᠭ᠎ᠠ ᠨᠢ ᠲᠣᠳᠣᠷᠬᠠᠢ᠂ ᠲᠥᠬᠦᠮ ᠣᠶᠢᠯᠠᠭᠠᠮᠵᠢᠲᠠᠢ ᠪᠠᠶᠢᠳᠠᠭ᠃ ᠡᠭᠦᠨ ᠤ ᠬᠠᠮᠲᠤ ᠪᠠᠰᠠ ᠣᠷᠣᠯᠴᠠᠭᠰᠠᠨ ᠤᠯᠠᠨ ᠲᠦᠮᠡᠨ ᠳᠤ ᠴᠢᠰᠤᠨ ᠰᠢᠬᠢᠷ᠂ ᠴᠢᠰᠤᠨ ᠳᠠᠷᠤᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠶᠢ ᠰᠢᠯᠭᠠᠨ ᠪᠠᠶᠢᠴᠠᠭᠠᠬᠤ ᠦᠢᠯᠡᠴᠢᠯᠡᠭᠡ ᠬᠠᠩᠭᠠᠵᠤ᠂ ᠸᠢᠷᠦ᠋ᠰ ᠢ ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠪᠣᠯᠣᠨ ᠡᠷᠡᠭᠦᠯ ᠮᠡᠨᠳᠦ ᠶᠢᠨ ᠬᠥᠮᠦᠵᠢᠯ ᠤᠨ ᠤᠩᠰᠢᠬᠤ ᠪᠢᠴᠢᠭ ᠢ ᠲᠠᠷᠬᠠᠭᠠᠪᠠ᠃ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠤᠯᠠᠨ ᠢ ᠵᠢᠯᠣᠭᠤᠳᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠲᠠᠢ ᠪᠣᠯᠭᠠᠵᠤ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃ ᠠᠵᠢᠯᠯᠠᠭ᠎ᠠ ᠶᠢᠨ ᠳᠤᠮᠳᠠ ᠨᠡᠶᠢᠲᠡ 600 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠷᠡᠭᠦᠯ ᠮᠡᠨᠳᠦ ᠶᠢᠨ ᠯᠠᠪᠯᠠᠯᠲᠠ ᠪᠣᠯᠣᠨ ᠠᠯᠪᠠᠨ ᠵᠢᠷᠤᠮ ᠤᠨ ᠡᠮᠴᠢᠯᠡᠭᠡ ᠶᠢ 200 ᠭᠠᠷᠤᠢ ᠬᠥᠮᠥᠨ ᠤᠳᠠᠭ᠎ᠠ ᠬᠦᠯᠢᠶᠡᠨ ᠠᠪᠴᠠᠢ᠃                                        ᠤᠷᠴᠢᠭᠤᠯᠤᠭᠴᠢ᠄ ᠬᠦᠰᠡᠯ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2