ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃     ᠬᠠᠪᠤᠷ ᠤᠨ ᠤᠯᠠᠷᠢᠯ ᠳᠤ ᠡᠬᠡ ᠭᠠᠵᠠᠷ ᠲᠤ ᠲᠦᠮᠡᠨ ᠪᠣᠳᠠᠰ ᠠᠮᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠪᠠ᠃ ᠪᠤᠩᠬᠤᠨ ᠪᠠᠯᠭᠠᠰᠤ ᠶᠢᠨ ᠫᠠᠨ ᠵᠢᠶᠠ ᠽᠦᠨ ᠲᠣᠰᠬᠤᠨ ᠤ ᠤᠷᠤᠰ ᠰᠣᠩᠭᠢᠨ᠎ᠠ ᠶᠢᠨ ᠴᠢᠬᠢ ᠪᠣᠶᠢᠵᠢᠭᠤᠯᠬᠤ ᠰᠠᠭᠤᠷᠢᠨ ᠳᠤ᠂ ᠴᠢ ᠹᠧᠢ ᠶᠦᠨ ᠦᠷ᠎ᠡ ᠶᠢᠨ ᠴᠢᠬᠢ ᠶᠢᠨ ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠦᠷ᠎ᠡ ᠶᠢᠨ ᠴᠢᠬᠢ ᠶᠢ ᠦᠷᠡᠵᠢᠭᠦᠯᠦᠨ ᠪᠣᠶᠢᠵᠢᠭᠤᠯᠬᠤ᠂ ᠵᠠᠬ᠎ᠠ ᠳᠡᠯᠭᠡᠭᠦᠷ ᠲᠤ ᠪᠣᠷᠣᠯᠠᠭᠤᠯᠬᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠲᠡᠷᠡ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠰᠠᠶᠢᠲᠤᠷ ᠬᠢᠵᠦ᠂ ᠳᠠᠬᠢᠨ ᠬᠠᠭᠠᠯᠪᠤᠷᠢᠯᠠᠵᠤ ᠳᠠᠬᠢᠨ ᠲᠠᠷᠢᠬᠤ ᠰᠢᠨ᠎ᠡ ᠵᠠᠭᠪᠤᠷ ᠢ ᠲᠤᠷᠰᠢᠨ ᠳᠡᠯᠭᠡᠷᠡᠭᠦᠯᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠪᠠ ᠭᠠᠷᠤᠯᠲᠠ ᠶᠢᠨ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠰᠤᠯᠠ ᠪᠠᠶᠢᠬᠤ ᠲᠠᠷᠢᠶ᠎ᠠ︾ ᠶᠢ ︽ᠣᠷᠣᠯᠭ᠎ᠠ ᠶᠢ ᠨᠡᠮᠡᠭᠳᠡᠭᠦᠯᠬᠦ ᠲᠠᠷᠢᠶ᠎ᠠ︾ ᠪᠣᠯᠭᠠᠨ ᠬᠤᠪᠢᠷᠠᠭᠤᠯᠬᠤ ᠬᠡᠷᠡᠭᠲᠡᠢ᠃ ᠪᠡᠯᠡ ᠮᠥᠩᠭᠦ ᠪᠣᠯᠣᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠥᠪᠥᠷ ᠮᠣᠩᠭᠤᠯ ᠤᠨ ᠱᠢ ᠺᠧ ᠹᠧᠩ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠩ ᠴᠢᠦ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢ ᠴᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠴᠢ ᠹᠧᠢ ᠶᠦᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠮᠡᠷᠭᠡᠵᠢᠯ ᠤᠨ ᠰᠢᠨ᠎ᠡ ᠡᠭᠦᠳᠦᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡᠴᠢᠯᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠢᠮᠠᠭᠲᠠ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠣᠯᠣᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠢ ᠪᠠᠶᠠᠷ ᠬᠦᠷ ᠲᠠᠢ ᠪᠠᠷ ᠠᠵᠢᠯ ᠳᠤ ᠭᠠᠷᠴᠤ᠂ ᠠᠮᠤᠷ ᠲᠦᠪᠰᠢᠨ ᠢᠶᠠᠷ ᠭᠡᠷ ᠲᠤᠨᠢ ᠬᠠᠷᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠷᠤᠯᠠᠭᠤᠯᠭ᠎ᠠ ᠶᠢᠨ ᠵᠠᠮ ᠢ ᠥᠷᠭᠡᠳᠬᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃     ᠹᠠᠩ ᠽᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2