ᠤᠯᠠᠭᠠᠨᠴᠠᠪ ᠬᠤᠲᠠ ᠬᠢᠭᠡᠳ ᠪᠡᠭᠡᠵᠢᠩ ᠤᠨ ᠱᠢ ᠵᠢᠢ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠤᠨ ᠬᠢᠵᠠᠭᠠᠷᠲᠤ ᠺᠣᠮᠫᠠᠨᠢ᠂ ᠱᠠᠨ ᠭᠤᠤ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 15 ᠤ ᠡᠳᠦᠷ᠂ ᠮᠠᠨ ᠤ ᠬᠤᠲᠠ ᠪᠡᠭᠡᠵᠢᠩ ᠤᠨ ᠱᠢ ᠵᠢᠢ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠤᠨ ᠬᠢᠵᠠᠭᠠᠷᠲᠤ ᠺᠣᠮᠫᠠᠨᠢ᠂ ᠱᠠᠨ ᠭᠤᠤ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠳ᠋ᠠᠶᠢᠲ᠋ᠠ ᠶᠢᠨ ᠲᠥᠪ ᠤᠨ ᠡᠨᠧᠷᠭᠢ ᠶᠢᠨ ᠡᠬᠢ ᠰᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ ᠬᠡᠷᠡᠭᠯᠡᠬᠦ ᠳᠠᠭᠠᠭᠠᠴᠠ ᠪᠠ ᠡᠨᠧᠷᠭᠢ ᠬᠠᠳᠠᠭᠠᠯᠠᠬᠤ ᠰᠢᠰᠲ᠋ᠧᠮ ᠤᠨ ᠬᠠᠮ ᠲᠥᠷᠥᠯ ᠵᠦᠢᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠪᠡ᠃     ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠡᠭᠡᠵᠢᠩ ᠤᠨ ᠱᠢ ᠵᠢᠢ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠤᠨ ᠬᠢᠵᠠᠭᠠᠷᠲᠤ ᠺᠣᠮᠫᠠᠨᠢ ᠶᠢᠨ ᠡᠭᠦᠳᠦᠭᠴᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠱᠧᠩ᠂ ᠱᠠᠨ ᠭᠤᠤ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠦᠢᠴᠡᠳᠭᠡᠬᠦ ᠶᠡᠷᠦᠩᠬᠡᠢ ᠵᠠᠬᠢᠷᠤᠭᠴᠢ ᠲᠠᠨ ᠽᠠᠢ ᠰᠢᠩ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃     ᠰᠦᠢ ᠸᠧᠢ ᠵᠢᠶᠦ᠋ᠨ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ᠂ ᠤᠯᠠᠭᠠᠨᠴᠠᠪ ᠳᠠᠪᠠᠭᠤᠯᠢᠭ ᠣᠷᠣᠨ ᠪᠠᠶᠢᠷᠢ ᠶᠢᠨ ᠨᠥᠬᠦᠴᠡᠯ᠂ ᠰᠠᠶᠢᠨ ᠰᠠᠶᠢᠬᠠᠨ ᠬᠥᠭᠵᠢᠯᠲᠡ ᠶᠢᠨ ᠤᠷᠴᠢᠨ ᠠᠬᠤᠢ᠂ ᠢᠯᠡᠷᠬᠡᠢ ᠥᠪᠡᠷ ᠤᠨ ᠥᠷᠲᠡᠭ ᠤᠨ ᠳᠠᠪᠠᠭᠤᠯᠢᠭ ᠢ ᠠᠳᠬᠤᠵᠤ᠂ ︽ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ︾ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ᠪᠤᠳᠤᠬᠤ ᠬᠦᠴᠦᠨ ᠤ ᠠᠵᠤ ᠦᠢᠯᠡᠰ ᠢ ᠪᠦᠬᠦ ᠲᠠᠯ᠎ᠠ ᠪᠠᠷ ᠪᠠᠶᠢᠷᠢᠯᠠᠭᠤᠯᠵᠦ᠂ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠤᠷᠲᠤᠳᠬᠠᠵᠤ᠂ ᠵᠠᠩᠭᠢᠯᠠᠭ᠎ᠠ ᠶᠢᠨ ᠴᠡᠭ ᠪᠠ ᠰᠠᠭᠤᠷᠢᠨ ᠭᠠᠵᠠᠷ ᠪᠠᠶᠢᠭᠤᠯᠬᠤ᠂ ᠵᠠᠮ ᠨᠡᠭᠡᠭᠡᠬᠦ ᠲᠠᠯ᠎ᠠ ᠪᠠᠷ ᠲᠦᠷᠭᠡᠨ ᠬᠥᠭᠵᠢᠯᠲᠡ ᠲᠠᠢ ᠪᠣᠯᠵᠠᠢ᠃ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠪᠢᠳᠡᠨ ᠤ ᠢᠷᠡᠭᠡᠳᠦᠢ ᠶᠢᠨ ᠳ᠋ᠠᠶᠢᠲ᠋ᠠ ᠶᠢᠨ ᠲᠥᠪ ᠤᠨ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠂ ᠬᠤᠶᠠᠷ ᠲᠠᠯ᠎ᠠ ᠪᠠᠷ ᠢᠶᠠᠨ ᠨᠡᠩ ᠥᠨᠳᠥᠷ ᠪᠦᠲᠦᠮᠵᠢᠲᠡᠢ ᠨᠡᠪᠲᠡᠷᠡᠯᠴᠡᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠬᠡᠯᠡᠯᠴᠡᠭᠡᠷ ᠢ ᠠᠬᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ ᠠᠬᠢᠭᠤᠯᠤᠨ᠎ᠠ ᠭᠡᠪᠡ᠃     ᠴᠧᠨ ᠱᠧᠩ᠂ ᠲᠠᠨ ᠽᠠᠢ ᠰᠢᠩ ᠲᠤᠰ ᠲᠤᠰ ᠳ᠋ᠠᠶᠢᠲ᠋ᠠ ᠶᠢᠨ ᠲᠥᠪ ᠤᠨ ᠡᠨᠧᠷᠭᠢ ᠶᠢᠨ ᠡᠬᠢ ᠰᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ ᠬᠡᠷᠡᠭᠯᠡᠬᠦ ᠳᠠᠭᠠᠭᠠᠴᠠ ᠪᠠ ᠡᠨᠧᠷᠭᠢ ᠬᠠᠳᠠᠭᠠᠯᠠᠬᠤ ᠰᠢᠰᠲ᠋ᠧᠮ ᠤᠨ ᠬᠠᠮ ᠲᠥᠷᠥᠯ ᠵᠦᠢᠯ ᠤᠨ ᠲᠤᠬᠠᠢ ᠲᠠᠨᠢᠯᠴᠠᠭᠤᠯᠪᠠ᠃ ᠳᠡᠳᠡ ᠢᠯᠡᠷᠭᠡᠶᠢᠯᠡᠬᠦ ᠳᠡᠭᠡᠨ᠂ ᠤᠯᠠᠭᠠᠨᠴᠠᠪ ᠤᠨ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ ᠳᠡᠯᠪᠡᠭ᠂ ᠲᠣᠮᠣ ᠳ᠋ᠠᠶᠢᠲ᠋ᠠ ᠶᠢᠨ ᠠᠵᠤ ᠦᠢᠯᠡᠰ ᠲᠥᠪᠯᠡᠷᠡᠵᠦ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠪᠤᠳᠤᠬᠤ ᠴᠢᠳᠠᠪᠤᠷᠢ ᠶᠢᠨ ᠰᠢᠨ᠎ᠡ ᠬᠡᠯᠪᠡᠷᠢ ᠶᠢᠨ ᠳ᠋ᠠᠶᠢᠲ᠋ᠠ ᠶᠢᠨ ᠲᠥᠪ ᠢ ᠪᠠᠶᠢᠭᠤᠯᠬᠤ ᠲᠠᠯ᠎ᠠ ᠪᠠᠷ ᠪᠠᠶᠢᠭᠠᠯᠢ ᠶᠢᠨ ᠳᠠᠪᠠᠭᠤᠯᠢᠭ ᠲᠠᠢ᠃ ᠺᠣᠮᠫᠠᠨᠢ ᠠᠴᠠ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠡᠵᠡᠩᠨᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠭᠠᠨᠴᠠᠪ ᠲᠤ ᠪᠣᠬᠢᠷᠲᠤᠯ ᠦᠭᠡᠢ ᠪᠤᠳᠤᠬᠤ ᠬᠦᠴᠦᠨ ᠤ ᠦᠯᠢᠭᠡᠷ ᠳᠠᠭᠤᠷᠢᠶᠠᠯ ᠤᠨ ᠢᠨᠵᠧᠨᠧᠷᠢᠩ ᠢ ᠪᠠᠶᠢᠭᠤᠯᠤᠨ᠎ᠠ ᠬᠡᠪᠡ᠃     ᠯᠢᠦ ᠭᠦᠸᠧ ᠭᠠᠩ᠂ ᠴᠠᠢ ᠶᠤᠸᠠᠢ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2