ᠵᠢᠨᠢᠩ ᠲᠣᠭᠤᠷᠢᠭ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮᠴᠢ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠭ ᠲᠠᠨᠢᠯᠲᠠ ᠲᠠᠢ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠢᠯᠵᠢᠷᠡᠯ ᠤᠨ ᠠᠰᠠᠭᠤᠳᠠᠯ ᠢ ᠴᠢᠩᠭ᠎ᠠ ᠰᠡᠷᠭᠡᠶᠢᠯᠡᠬᠦ ᠪᠠ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠪᠣᠯᠣᠨ ᠲᠥᠪ ᠪᠤᠰᠤ ᠰᠤᠷᠲᠠᠯ ᠢ ᠡᠷᠡᠰ ᠵᠠᠯᠬᠠᠭᠠᠨ ᠰᠢᠳᠭᠡᠵᠦ᠂ ᠠᠷᠢᠭᠤᠨ ᠴᠢᠬᠡᠴᠢ ᠪᠠᠷ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠡᠷᠡᠭ ᠡᠷᠬᠢᠯᠡᠬᠦ ᠶᠠᠪᠤᠴᠠ ᠶᠢ ᠳᠥᠭᠦᠮᠴᠢᠯᠡᠵᠦ᠂ ᠨᠠᠷᠢᠨ ᠳᠠᠩᠰᠠ ᠶᠢᠨ ᠬᠠᠮᠢᠶᠠᠷᠤᠯᠲᠠ ᠪᠠᠷ ᠡᠷᠬᠡ ᠶᠢ ᠵᠢᠷᠤᠮᠵᠢᠭᠤᠯᠤᠨ ᠬᠡᠷᠡᠭᠯᠡᠬᠦ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠵᠤ᠂ ᠢᠯᠵᠠᠷᠠᠯ ᠤᠨ ᠠᠰᠠᠭᠤᠳᠠᠯ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠭᠤᠣᠯ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾᠂ ︽ᠨᠠᠶᠢᠳᠠᠪᠤᠷᠢᠵᠢᠭᠤᠯᠬᠤ ᠨᠢ ᠤᠳᠠᠭᠠᠨ᠂ ᠦᠷ᠎ᠡ ᠪᠦᠲᠦᠮᠵᠢ ᠨᠢ ᠳᠣᠣᠷ᠎ᠠ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠯᠠᠪᠳᠠᠭᠤᠨ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦᠭᠦᠯᠡᠨ ᠤᠯᠤᠰ ᠲᠦᠷᠦ ᠶᠢ ᠡᠷᠬᠢᠮᠯᠡᠵᠦ᠂ ᠰᠠᠬᠢᠯᠭ᠎ᠠ ᠪᠠᠲᠤ ᠶᠢ ᠴᠢᠩᠳᠠᠯᠠᠵᠤ᠂ ᠶᠣᠰᠣ ᠳᠦᠷᠢᠮ ᠢ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮᠴᠢ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠨᠠᠮᠴᠢ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃                                           ᠤᠷᠴᠢᠭᠤᠯᠤᠭᠴᠢ᠄ ᠬᠦᠰᠡᠯ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2