ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ
ᠨᠡᠶᠢᠲᠡᠯᠡᠭᠰᠡᠨ ᠴᠠᠭ᠄
2024/3/20
—— ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠲᠥᠯᠥᠭᠡᠯᠡᠭᠴᠢ     ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠣᠷᠣᠯᠭ᠎ᠠ ᠪᠠᠭᠠᠲᠠᠢ ᠬᠥᠮᠥᠨ ᠠᠮᠠ ᠶᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠲᠤ ᠰᠦᠯᠵᠢᠨ᠎ᠡ᠃     2023 ᠣᠨ ᠤ ᠡᠴᠦᠰ ᠲᠤ᠂ ᠪᠥᠬᠦ ᠤᠯᠤᠰ ᠲᠤ ᠨᠡᠶᠢᠲᠡ 664 ᠲᠦᠮᠡᠨ ᠬᠥᠮᠥᠨ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠥᠷᠳᠡᠵᠦ᠂ 3399 ᠲᠦᠮᠡᠨ ᠬᠥᠮᠥᠨ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠥᠷᠳᠡᠵᠦ ᠪᠠᠶᠢᠨ᠎ᠠ᠃     ︽ᠬᠤᠷᠠᠯ ᠤᠨ ᠭᠠᠳᠠᠨᠠᠬᠢ ᠦᠵᠡᠭᠳᠡᠯ︾ ᠬᠤᠶᠠᠷ ᠬᠡᠦᠬᠡᠳ ᠨᠢ ᠰᠤᠷᠭᠠᠭᠤᠯᠢ ᠳᠤ ᠰᠠᠭᠤᠵᠤ᠂ ᠡᠷ᠎ᠡ ᠨᠥᠬᠦᠷ  ᠨᠢ ᠲᠣᠭᠲᠠᠭᠰᠠᠨ ᠠᠵᠢᠯ ᠦᠭᠡᠢ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠰᠠᠭᠤᠭᠠᠯᠢ ᠠᠷᠠᠳ ᠸᠠᠩ ᠠᠪᠠᠭ᠋ᠠᠢ ᠬᠠᠪᠤᠳᠠᠷ ᠲᠤ ᠨᠡᠷᠪᠡᠭᠳᠡᠭᠰᠡᠨ ᠢ ᠪᠠᠶᠢᠴᠠᠭᠠᠨ ᠤᠯᠵᠤ᠂ ᠭᠡᠷ ᠪᠦᠯᠢ ᠶᠢᠨ ᠠᠮᠢᠳᠤᠷᠠᠯ ᠤᠨ ᠳᠠᠷᠤᠭᠠᠰᠤ ᠨᠢ ᠭᠡᠨᠡᠳᠲᠡ ᠨᠡᠮᠡᠭᠳᠡᠭᠰᠡᠨ ᠪᠠᠶᠢᠨ᠎ᠠ᠃ ᠴᠢᠶᠣᠤ ᠰᠢ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠵᠢᠯᠲᠠᠳ ᠡᠨᠡ ᠴᠢᠮᠡᠭᠡ ᠶᠢ ᠣᠯᠵᠤ ᠮᠡᠳᠡᠭᠡᠳ ᠴᠠᠭ ᠲᠤᠬᠠᠢ ᠳᠤᠨᠢ ᠲᠡᠭᠦᠨ ᠳᠤ ᠨᠠᠭᠠᠲᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠵᠤ ᠦᠭᠪᠡ᠃ ᠸᠠᠩ ᠠᠪᠠᠭ᠋ᠠᠢ᠄ ︽ᠨᠢᠳᠤᠨᠤᠨ ᠤ 6 ᠰᠠᠷ᠎ᠠ ᠠᠴᠠ ᠡᠬᠢᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠡᠳ᠋ᠯᠡᠵᠦ᠂ ᠮᠢᠨᠤ ᠪᠠᠴᠢᠮ ᠪᠠᠶᠢᠳᠠᠯ ᠢ ᠰᠢᠢᠳᠪᠦᠷᠢᠯᠡᠵᠡᠢ︾ ᠭᠡᠵᠡᠢ᠃ ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠢ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ ᠬᠦᠴᠢᠷᠲᠡᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠣᠯ ᠴᠣᠭᠴᠠ ᠪᠣᠯᠭᠠᠭᠰᠠᠨ ᠲᠠᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢᠨ ᠰᠦᠯᠵᠢᠶ᠎ᠡ ᠪᠠᠷ ᠠᠵᠢᠯᠯᠠᠭᠤᠯᠪᠠ᠃     ︽ᠬᠤᠷᠠᠯ ᠤᠨ ᠳᠣᠲᠣᠭᠠᠳᠤ ᠶᠢᠨ ᠲᠠᠭᠤᠨ︾ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠣᠯᠣᠮᠵᠢᠲᠤ ᠴᠢᠨᠠᠷ ᠪᠠ ᠬᠤᠭᠤᠴᠠᠭᠠᠲᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠲᠠᠰᠤᠷᠠᠯᠲᠠ ᠦᠭᠡᠢ ᠨᠢᠭᠲᠠ ᠪᠥᠭᠡᠳ ᠪᠠᠲᠤ ᠪᠠᠬᠢ ᠰᠦᠯᠵᠢᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠪᠠᠷ ᠴᠢᠬᠤᠯᠠ ᠭᠠᠷᠳᠠᠴᠠ ᠪᠣᠯᠭᠠᠵᠤ᠂ ᠬᠢᠨᠠᠨ ᠬᠡᠮᠵᠢᠭᠳᠡᠬᠦ ᠡᠲᠡᠭᠡᠳ ᠢ ᠢᠯᠭᠠᠨ ᠲᠠᠨᠢᠬᠤ᠂ ᠬᠠᠪᠰᠤᠷᠤᠨ ᠲᠡᠳᠬᠦᠬᠦ ᠪᠠ ᠤᠬᠤᠷᠢᠨ ᠭᠠᠷᠬᠤ ᠵᠡᠷᠭᠡ ᠭᠤᠭᠴᠤᠭ᠎ᠠ ᠶᠢᠨ ᠲᠣᠭᠤᠷᠢᠨ ᠳᠤ᠂ ᠬᠠᠪᠰᠤᠷᠤᠨ ᠲᠡᠳᠬᠦᠬᠦ ᠰᠠᠭᠤᠷᠢ ᠶᠢ ᠪᠠᠲᠤᠳᠬᠠᠨ᠎ᠡ︔ ᠰᠠᠨᠠᠭᠠᠴᠢᠯᠠᠭ᠎ᠠ  ᠠᠴᠠ ᠪᠠᠨ ᠢᠯᠡᠷᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠴᠠᠭ ᠲᠤᠬᠠᠢ ᠳᠤᠨᠢ ᠠᠪᠤᠷᠠᠨ ᠲᠤᠰᠠᠯᠠᠵᠤ ᠪᠠᠲᠤᠯᠠᠬᠤ ᠬᠡᠪᠴᠢᠶᠡᠨ ᠳᠤ ᠣᠷᠣᠭᠤᠯᠤᠨ᠎ᠡ᠃ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠶᠢ ᠨᠡᠩ ᠴᠢᠬᠤᠯᠠᠴᠢᠯᠠᠵᠤ᠂ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠪᠠᠷᠢᠮᠲᠠᠯᠠᠨ᠎ᠡ᠃ ᠬᠥᠳᠡᠯᠮᠦᠷᠢ ᠶᠢᠨ ᠬᠦᠴᠦᠨ ᠲᠠᠢ ᠬᠢᠨᠠᠨ ᠬᠡᠮᠵᠢᠭᠳᠡᠬᠦ ᠡᠲᠡᠭᠡᠳ ᠲᠤ᠂ ᠠᠵᠤ ᠦᠢᠯᠡᠰ ᠪᠠ ᠠᠵᠢᠯ ᠣᠯᠭᠤᠯᠲᠠ ᠭᠡᠬᠦ ᠬᠤᠶᠠᠷ ᠵᠠᠩᠭᠢᠯᠠᠭ᠎ᠠ ᠶᠢ ᠠᠳᠬᠤᠵᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ︔ ᠬᠥᠳᠡᠯᠮᠦᠷᠢ ᠶᠢᠨ ᠬᠦᠴᠦᠨ ᠦᠭᠡᠢ ᠳᠤ ᠬᠠᠮᠤᠭ ᠤᠨ ᠳᠤᠤᠷ᠎ᠡ ᠠᠮᠢᠳᠤᠷᠠᠯ ᠤᠨ ᠪᠠᠳᠤᠯᠠᠭ᠎ᠠ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠲᠥᠷᠥᠯ ᠵᠦᠢᠯ ᠢ ᠲᠣᠬᠢᠷᠠᠭᠤᠯᠤᠨ᠂ ᠬᠢᠨᠠᠨ ᠰᠢᠯᠭᠠᠬᠤ ᠡᠷᠦᠬᠡ ᠨᠢᠭᠡᠪᠦᠷᠢ ᠳᠤ ᠨᠠᠭᠠᠲᠤ ᠵᠠᠬ᠎ᠠ ᠳᠠᠭᠠᠨ ᠨᠢᠭᠡ ᠵᠦᠢᠯ ᠤᠨ ᠬᠠᠷᠢᠴᠠᠩᠭᠤᠢ ᠲᠣᠭᠲᠠᠪᠤᠷᠢᠲᠠᠢ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠲᠠᠢ ᠪᠠᠶᠢᠬᠤ ᠶᠢ ᠦᠨᠡᠨᠬᠦ ᠪᠠᠲᠤᠯᠠᠨ᠎ᠡ᠃                    ᠵᠤᠬᠢᠶᠠᠭᠴᠢ᠄ ᠴᠧᠩ ᠵᠢᠦᠢ ᠰᠢᠨ   ᠴᠢ ᠵᠢᠶᠠ ᠷᠦᠨ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2