| | ᠵᠢᠨᠢᠩ ᠲᠣᠭᠤᠷᠢᠭ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠵᠦᠢ ᠵᠣᠬᠢᠰᠲᠠᠢ ᠡᠮᠬᠢ ᠳᠢᠭᠯᠢᠮ ᠲᠠᠢ᠂ ᠠᠮᠤᠷ ᠲᠦᠪᠰᠢᠨ ᠯᠠᠪᠳᠠᠭᠤᠨ ᠢᠶᠠᠷ ᠠᠬᠢᠭᠤᠯᠵᠤ᠂ ᠪᠦᠬᠦ ᠵᠢᠯ ᠤᠨ | ᠲᠠᠷᠢᠶᠠᠯᠠᠩ ᠤᠨ ᠡᠯᠪᠡᠭ ᠬᠤᠷᠢᠶᠠᠯᠲᠠ ᠶᠢᠨ ᠠᠮᠤ ᠪᠤᠳᠠᠭᠠᠨ ᠤ ᠲᠣᠭᠲᠠᠭᠤᠨ ᠬᠤᠷᠢᠶᠠᠯᠲᠠ ᠶᠢᠨ ᠰᠠᠭᠤᠷᠢ ᠶᠢ | ᠪᠠᠬᠢᠵᠢᠭᠦᠯᠵᠦ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ᠂ ᠲᠠᠷᠢᠶᠠᠯᠠᠩ ᠤᠨ ᠡᠯᠪᠡᠭ ᠬᠤᠷᠢᠶᠠᠯᠲᠠ ᠶᠢ | ᠴᠢᠷᠮᠠᠶᠢᠨ ᠲᠡᠮᠡᠴᠡᠨ ᠣᠯᠬᠤ ᠶᠢ ᠪᠠᠳᠤᠯᠠᠪᠠ᠃ | 2024 ᠣᠨ ᠳᠤ ᠬᠠᠪᠤᠷ ᠤᠨ ᠲᠠᠷᠢᠶᠠᠯᠠᠭ᠎ᠠ ᠶᠢᠨ ᠲᠠᠷᠢᠮᠠᠯ ᠤᠨ ᠲᠠᠯᠠᠪᠠᠶ ᠶᠢ 12.95 ᠲᠦᠮᠡᠨ ᠮᠦ ︵ᠪᠠᠢ | ᠬᠠᠢ ᠽᠢ ᠪᠠᠯᠭᠠᠰᠤ 9.35 ᠲᠦᠮᠡᠨ ᠮᠦ᠂ ᠮᠠ ᠯᠢᠶᠠᠨ ᠴᠢᠦᠢ ᠰᠢᠶᠠᠩ 3.6 ᠲᠦᠮᠡᠨ ᠮᠦ︶ ᠳᠠᠷᠢᠬᠤ ᠪᠠᠷ | ᠲᠥᠯᠥᠪᠯᠡᠵᠦ ᠪᠣᠶ᠂ ᠡᠭᠦᠨ ᠳᠤ᠂ ᠠᠮᠤ ᠪᠤᠳᠠᠭᠠᠨ ᠤ ᠲᠠᠷᠢᠮᠠᠯ 9.49 ᠲᠦᠮᠡᠨ ᠮᠦ ︵ᠪᠠᠢ ᠬᠠᠢ ᠽᠢ ᠪᠠᠯᠭᠠᠰᠤ 7. | 36 ᠲᠦᠮᠡᠨ ᠮᠦ᠂ ᠮᠠ ᠯᠢᠶᠠᠨ ᠴᠢᠦᠢ ᠰᠢᠶᠠᠩ 2.13 ᠲᠦᠮᠡᠨ ᠮᠦ︶᠂ ᠠᠵᠤ ᠠᠬᠤᠢ ᠶᠢᠨ ᠲᠠᠷᠢᠮᠠᠯ 3.46 | ᠲᠦᠮᠡᠨ ᠮᠦ ︵ᠪᠠᠢ ᠬᠠᠢ ᠽᠢ ᠪᠠᠯᠭᠠᠰᠤ 2 ᠲᠦᠮᠡᠨ ᠮᠦ᠂ ᠮᠠ ᠯᠢᠶᠠᠨ ᠴᠢᠦᠢ ᠰᠢᠶᠠᠩ 1.46 ᠲᠦᠮᠡᠨ ᠮᠦ︶᠃ | ᠰᠦᠯᠢᠶᠥᠦ ᠪᠦᠷᠬᠦᠪᠴᠢ ᠶᠢᠨ ᠬᠡᠷᠡᠭᠰᠡᠬᠦ ᠬᠡᠮᠵᠢᠶ᠎ᠡ 350 ᠲᠣᠨ᠂ ᠬᠠᠳᠠᠭᠠᠯᠠᠯᠲᠠ ᠶᠢᠨ ᠬᠡᠮᠵᠢᠶ᠎ᠡ 150 ᠲᠣᠨ | ᠪᠣᠯᠣᠨ᠎ᠠ︔ ᠲᠠᠷᠢᠶᠠᠨ ᠡᠮ ᠤᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ 6.6 ᠲᠣᠨ᠂ ᠬᠠᠳᠠᠭᠠᠯᠠᠯᠲᠠ ᠶᠢᠨ | ᠬᠡᠮᠵᠢᠶ᠎ᠡ 2 ᠲᠣᠨ︔ ᠬᠢᠮᠢ ᠶᠢᠨ ᠪᠣᠷᠳᠣᠭᠤᠷ ᠤᠨ ᠬᠡᠷᠡᠭᠴᠡᠭᠡᠨ ᠤ ᠬᠡᠮᠵᠢᠶ᠎ᠡ 2052 ᠲᠣᠨ᠂ ᠬᠠᠳᠠᠭᠠᠯᠠᠯᠲᠠ ᠶᠢᠨ | ᠬᠡᠮᠵᠢᠶ᠎ᠡ 2000 ᠲᠣᠨ︔ ᠬᠤᠣᠷ ᠢ ᠨᠢ ᠠᠷᠢᠯᠭᠠᠭᠰᠠᠨ ᠲᠥᠮᠥᠰᠥ ᠶᠢ ᠬᠠᠪᠤᠷ ᠤᠨ ᠲᠠᠷᠢᠶᠠᠯᠠᠭ᠎ᠠ ᠳᠤ 2535 | ᠲᠣᠨ᠂ ᠬᠠᠳᠠᠭᠠᠯᠠᠯᠲᠠ ᠶᠢᠨ ᠬᠡᠮᠵᠢᠶ᠎ᠡ 15451 ᠲᠣᠨ᠂ ᠪᠤᠰᠤᠳ ᠲᠠᠷᠢᠮᠠᠯ ᠤᠨ ᠦᠷ᠎ᠡ ᠶᠢ ᠶᠠᠭ ᠪᠠᠷᠠᠭ᠎ᠠ | ᠪᠡᠯᠡᠳᠬᠡᠵᠦ ᠪᠤᠢ︔ ᠪᠥᠬᠦ ᠣᠷᠣᠨ ᠤ ᠲᠷᠠᠺᠲ᠋ᠣᠷ ᠤᠨ ᠬᠠᠳᠠᠭᠠᠯᠠᠯᠲᠠ ᠶᠢᠨ ᠬᠡᠮᠵᠢᠶ᠎ᠡ 630 ᠭᠠᠷᠤᠢ ᠰᠠᠤᠷᠢ ᠪᠠᠶᠢᠵᠤ᠂ | ᠲᠠᠷᠢᠶᠠᠯᠠᠵᠤ ᠲᠡᠭᠰᠢᠯᠡᠬᠦ ᠵᠢᠴᠢ ᠳᠠᠷᠢᠵᠤ ᠲᠥᠬᠦᠷᠵᠢᠭᠦᠯᠬᠦ ᠮᠠᠰᠢᠨ 1500 ᠭᠠᠷᠤᠢ ᠰᠠᠤᠷᠢ ᠪᠠᠶᠢᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠮᠠᠰᠢᠨ ᠤ ᠬᠡᠷᠡᠭᠴᠡᠭᠡ ᠶᠢ ᠬᠠᠩᠭᠠᠵᠤ ᠲᠠᠶᠢᠯᠤᠨ᠎ᠠ᠃ ᠡᠭᠦᠨ ᠤ ᠬᠠᠮᠲᠤ᠂ | ᠤᠬᠠᠭᠤᠯᠭ᠎ᠠ ᠪᠠ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠨᠡᠶᠢᠲᠡ 2 ᠤᠳᠠᠭ᠎ᠠ | ᠲᠠᠷᠢᠮᠠᠯ ᠤᠨ ᠲᠣᠮᠣ ᠡᠷᠦᠬᠡ 15 ᠡᠷᠦᠬᠡ᠂ ᠮᠠᠯᠴᠢᠨ ᠲᠠᠷᠢᠶᠠᠴᠢᠨ ᠢ 40 ᠬᠥᠮᠥᠨ ᠤᠳᠠᠭ᠎ᠠ ᠪᠣᠯᠪᠠᠰᠤᠷᠠᠭᠤᠯᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |