ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠬᠤ ᠶᠢᠨ ᠬᠠᠮᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/22
   3 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠬᠤ ᠶᠢᠨ ᠬᠠᠮᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ᠃    ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠳᠤ᠂ ᠰᠦᠢ ᠸᠧᠢ ᠵᠢᠶᠦ᠋ᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠧᠦ ᠯᠧᠢ  ᠲᠠᠢ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠢ ᠸᠧᠢ ᠵᠢᠶᠦ᠋ᠨ᠂ ᠤᠯᠠᠭᠠᠨᠴᠠᠪ ᠬᠤᠳᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠦᠷᠭᠡᠨ︾ ᠢ ᠲᠡᠷᠢᠭᠦᠨ ᠳᠤ ᠲᠠᠯᠪᠢᠬᠤ᠂ ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳ᠋ᠠ ᠲᠠᠩ ᠪᠦᠯᠦᠭᠯᠡᠯ ᠲᠠᠢ ᠬᠠᠮᠲᠤᠷᠠᠯᠴᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠲᠤᠭ᠎ᠠ ᠪᠠᠷᠢᠮᠲᠠ ᠶᠢᠨ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠣᠷᠣᠨ ᠨᠤᠲᠤᠭ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠽᠧᠦ ᠯᠧᠢ ᠤᠯᠠᠭᠠᠨᠴᠠᠪ ᠬᠤᠳᠠ ᠶᠢᠨ ᠤᠷᠳᠤ ᠬᠤᠭᠤᠴᠠᠭᠠᠨ ᠤ ᠲᠤᠷᠰᠢ ᠳ᠋ᠠ ᠲᠠᠩ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳ᠋ᠠ ᠲᠠᠩ ᠪᠦᠯᠦᠭᠯᠡᠯ ᠢᠮᠠᠭᠲᠠ ᠤᠯᠠᠭᠠᠨᠴᠠᠪ ᠬᠤᠳᠠ ᠶᠢ ᠥᠪᠥᠷ ᠮᠣᠩᠭᠤᠯ ᠳᠠᠬᠢ ᠬᠥᠭᠵᠢᠯᠲᠡ ᠶᠢᠨ ᠴᠢᠬᠤᠯᠠ ᠲᠤᠯᠬᠤ ᠴᠡᠭ ᠪᠣᠯᠭᠠᠵᠤ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠳᠤ ᠥᠷᠭᠡᠨ ᠳᠡᠯᠭᠡᠷ ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠶᠤᠮ᠂ ᠳ᠋ᠠ ᠲᠠᠩ ᠪᠦᠯᠦᠭᠯᠡᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠭᠠᠨᠴᠠᠪ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠬᠡᠯᠡᠪᠡ᠃    ᠪᠡᠭᠡᠵᠢᠩ ᠤᠨ ᡁᠢ ᠶᠤᠸᠠᠨ ᠬᠢᠮᠡᠯ ᠤᠶᠤᠨ ᠤ ᠰᠤᠳᠤᠯᠭᠠᠨ ᠤ ᠬᠦᠷᠢᠶᠡᠯᠡᠩ ᠳᠤ᠂ ᠰᠦᠢ ᠸᠧᠢ ᠵᠢᠶᠦ᠋ᠨ ᠬᠢᠮᠡᠯ ᠤᠶᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠰᠦᠢ ᠸᠧᠢ ᠵᠢᠶᠦ᠋ᠨ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠭᠧ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠵᠣᠯᠭᠠᠭᠤᠯᠤᠨ ᠰᠠᠨᠠᠯ ᠢᠶᠠᠨ ᠰᠣᠯᠢᠯᠴᠠᠪᠠ᠃ ᠰᠦᠢ ᠸᠧᠢ ᠵᠢᠶᠦ᠋ᠨ᠂ ᠣᠳᠣᠬᠠᠨ ᠳᠤ᠂ ᠤᠯᠠᠭᠠᠨᠴᠠᠪ ᠬᠤᠳᠠ ᠶᠢᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠲᠣᠮᠣ ᠶᠠᠪᠤᠳᠠᠯ ᠢ ᠰᠠᠶᠢᠲᠤᠷ ᠬᠢᠵᠦ᠂ ᠢᠷᠡᠭᠡᠳᠦᠢ ᠶᠢᠨ ᠠᠵᠤ ᠦᠢᠯᠡᠰ᠂ ᠳᠠᠪᠠᠭᠤᠯᠢᠭ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ᠂ ᠪᠣᠬᠢᠷᠲᠤᠯ ᠦᠭᠡᠢ ᠡᠨᠧᠷᠭᠢ ᠶᠢ ᠪᠡᠭᠡᠵᠢᠩ ᠳᠤ ᠣᠷᠣᠭᠤᠯᠬᠤ᠂ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢ ᠪᠡᠭᠡᠵᠢᠩ ᠳᠤ ᠣᠷᠣᠭᠤᠯᠬᠤ ᠶᠢ ᠶᠡᠬᠡᠪᠡᠷ ᠠᠬᠢᠭᠤᠯᠵᠤ ᠪᠠᠶᠢᠨ᠎ᠠ᠃ ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠨᠡᠬᠦ ᠲᠣᠮᠣ ᠲᠠᠪᠴᠠᠩ ᠢ ᠴᠢᠨᠠᠭᠰᠢᠳᠠ ᠰᠠᠶᠢᠲᠤᠷ ᠠᠰᠢᠭᠯᠠᠵᠤ᠂ ᠬᠤᠶᠠᠷ ᠭᠠᠵᠠᠷ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ᠂ ᠣᠨᠴᠠᠭᠠᠶᠢᠯᠠᠨ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢᠨ ᠬᠠᠮᠲᠤᠷᠠᠯᠴᠠᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠨᠡᠩ ᠶᠡᠭᠡ ᠰᠢᠨ᠎ᠡ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠬᠡᠯᠡᠪᠡ᠃ ᠵᠠᠩ ᠭᠧ ᠰᠦᠢ ᠸᠧᠢ ᠵᠢᠶᠦ᠋ᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠭᠠᠷᠳᠠᠬᠤ ᠴᠡᠭ ᠪᠣᠯᠣᠨ ᠨᠡᠶᠢᠯᠡᠯᠲᠡ ᠶᠢᠨ ᠴᠡᠭ ᠢ ᠣᠨᠣᠪᠴᠢᠲᠠᠢ ᠡᠷᠢᠨ ᠣᠯᠵᠤ᠂ ᠪᠣᠬᠢᠷᠲᠤᠯ ᠦᠭᠡᠢ ᠪᠣᠳᠣᠯᠲᠠ ᠶᠢᠨ ᠴᠢᠳᠠᠪᠤᠷᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃    ᠰᠦᠢ ᠸᠧᠢ ᠵᠢᠶᠦ᠋ᠨ ᠪᠠᠰᠠ ᠷᠦᠩ ᠪᠦᠦ ᠳ᠋ᠡ ᠪᠦᠯᠦᠭᠯᠡᠯ ᠳᠤ ᠬᠦᠷᠴᠦ᠂ ᠰᠢᠨ᠎ᠡ ᠬᠡᠯᠪᠡᠷᠢ ᠶᠢᠨ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠣᠭᠤᠷᠢᠨ ᠦᠵᠡᠵᠦ ᠣᠶᠢᠯᠠᠭᠠᠭᠰᠠᠨ ᠪᠥᠭᠡᠳ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠠᠷᠢᠯᠴᠠᠨ ᠰᠣᠯᠢᠯᠴᠠᠪᠠ᠃ ᠲᠡᠷᠡ᠂ ᠲᠥᠷᠥᠯ ᠵᠦᠢᠯ ᠢ ᠲᠣᠭᠲᠠᠭᠠᠴᠢᠬᠠᠪᠠᠯ ᠳᠠᠷᠤᠢ ᠬᠢᠵᠦ᠂ ᠬᠢᠪᠡᠯ ᠳᠠᠷᠤᠢ ᠰᠠᠶᠢᠲᠤᠷ ᠬᠢᠬᠦ ᠬᠡᠷᠡᠭᠲᠡᠢ᠂ ᠠᠵᠤ ᠠᠬᠤᠶᠢᠯᠠᠯ ᠤᠨ ᠬᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠪᠠᠨ ᠲᠦᠷᠭᠡᠳᠬᠡᠬᠦ ᠶᠢ ᠬᠦᠰᠡᠵᠦ ᠪᠠᠶᠢᠨ᠎ᠠ᠂ ᠪᠢᠳᠡ ᠰᠠᠨᠠᠭᠠᠴᠢᠯᠠᠭ᠎ᠠ   ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠬᠡᠯᠡᠪᠡ  ᠃     ᠶᠦᠨ ᠫᠧᠩ ᠭᠠᠩ᠂ ᠯᠢᠦ ᠭᠦᠸᠧ ᠭᠠᠩ᠂ ᠤᠣ ᠮᠠᠨ ᠪᠢᠨ᠂ ᠴᠠᠢ ᠶᠤᠸᠠᠢ ᠲᠤᠰ ᠲᠤᠰ ᠣᠷᠣᠯᠴᠠᠵᠠᠢ᠃                                                                                ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2