ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/25
    3 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠥᠯ ᠪᠠ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠢᠴᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ︽ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠡᠷᠭᠢᠯᠲᠡ ᠶᠢ ᠰᠢᠯᠤᠭᠤᠳᠬᠠᠬᠤ᠂ ᠬᠡᠷᠡᠭᠯᠡᠭᠡ ᠶᠢ ᠠᠬᠢᠭᠤᠯᠬᠤ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠠᠪᠤᠨ ᠶᠡᠭᠡ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠣᠬᠢᠷᠲᠤᠯ ᠦᠭᠡᠢ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠳᠬᠤᠵᠤ᠂ ᠥᠨᠳᠥᠷ ᠲᠦᠪᠰᠢᠨ ᠤ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠲᠥᠯᠥᠪᠵᠢᠭᠦᠯᠦᠨ ᠪᠠᠶᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠲᠠᠯᠠᠪᠤᠷ ᠢ ᠥᠷᠭᠡᠳᠬᠡᠵᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠮᠵᠢ ᠪᠣᠯᠭᠠᠵᠤ᠂ ᠵᠣᠬᠢᠶᠠᠨ ᠪᠠᠶᠢᠭᠤᠯᠤᠯᠲᠠ ᠪᠠ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠯᠬᠢᠨ ᠠᠬᠢᠭᠤᠯᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠦᠷᠭᠡᠳᠬᠡᠨ ᠪᠠᠶᠢᠭᠤᠯᠵᠤ᠂ ︽ᠬᠤᠯᠢᠰᠢᠨ ᠢᠳᠡᠭᠡᠨ︾ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠠᠩ ᠥᠨᠳᠥᠷ ᠲᠠᠰ ᠳᠠᠪᠬᠤᠷᠭ᠎ᠠ᠂ ᠨᠠᠩ ᠭᠦᠨ ᠬᠦᠷᠢᠶ᠎ᠡ ᠴᠠᠷᠠᠭ᠎ᠠ ᠳᠠᠰᠢ ᠠᠬᠢᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠤᠷᠤᠰ ᠮᠣᠩᠭᠤᠯ ᠡᠸᠦ᠋ᠷᠦᠫᠡ ᠯᠤᠭ᠎ᠠ ᠶᠢᠨ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠵᠤᠭᠠᠴᠠᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠲᠦᠷᠭᠡᠳᠬᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠶᠤᠯᠭᠦᠢ ᠶᠢᠨ ᠡ᠊ᠨᠳᠡᠯ ᠢ ᠪᠦᠲᠦᠮᠵᠢᠲᠡᠶ ᠪᠠᠷ ᠬᠤᠷᠢᠭᠯᠠᠨ ᠵᠣᠭᠰᠤᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2