ᠰᠦᠢ ᠸᠧᠢ ᠵᠢᠶᠦ᠋ᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/25
    3 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ  ᠃    ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤ᠂ ᠰᠦᠢ ᠸᠧᠢ ᠵᠢᠶᠦ᠋ᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠬᠤᠯᠪᠣᠭᠳᠠᠯ ᠪᠦᠬᠦᠢ ᠲᠦᠷᠦᠯ ᠵᠦᠢᠯ ᠤᠨ ᠬᠠᠷᠢᠭᠤᠴᠠᠯᠭᠠᠲᠠᠨ ᠳᠤ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠭᠠᠷᠳᠠᠮ ᠢ ᠲᠦᠷᠭᠡᠨ ᠭᠦᠢᠴᠡᠳᠬᠡᠵᠦ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠳᠠᠷᠠᠭᠠᠯᠠᠯ ᠲᠠᠢ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃    ᠲᠠᠷᠠᠭ᠎ᠠ ᠨᠢ ᠬᠤᠷᠠᠯᠳᠤᠭᠤᠯᠤᠭᠰᠠᠨ ᠲᠤᠰᠬᠠᠢ ᠰᠡᠳᠦᠪᠲᠦ ᠬᠤᠷᠠᠯ ᠳᠡᠭᠡᠷ᠎ᠡ᠂ ᠰᠦᠢ ᠸᠧᠢ ᠵᠢᠶᠦ᠋ᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠰᠠᠶᠢᠲᠤᠷ ᠪᠠᠶᠢᠭᠤᠯᠬᠤ ᠪᠣᠯ ᠪᠢᠳᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠭᠯᠡᠯ ᠢ ᠣᠨᠣᠪᠴᠢᠲᠠᠶ ᠡᠷᠢᠨ ᠣᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠠᠵᠤ ᠦᠢᠯᠡᠰ ᠪᠠ ᠪᠣᠯᠪᠠᠰᠤᠷᠠᠯ ᠢ ᠠᠭᠤᠰᠤᠯᠴᠠᠭᠤᠯᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠤᠷᠠᠨ ᠳᠠᠷᠬᠠᠨ ᠤ ᠬᠡᠯᠪᠡᠷᠢ ᠶᠢᠨ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠵᠦ᠂ ᠬᠦᠷᠢᠶᠡᠯᠡᠩ ᠲᠣᠭᠤᠷᠢᠭ ᠢ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠪᠠᠶᠢᠭᠤᠯᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠥᠪᠳᠡᠯᠴᠡᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠡᠩ ᠤᠯᠠᠨ ᠰᠢᠯᠢᠳᠡᠭ ᠶᠡᠭᠡ ᠳᠡᠭᠡᠳᠦ ᠰᠤᠷᠭᠠᠭᠤᠯᠢ ᠶᠢ ᠨᠤᠲᠤᠭᠰᠢᠭᠤᠯᠬᠤ ᠶᠢ ᠢᠳᠡᠪᠬᠢᠲᠡᠢ ᠠᠬᠢᠭᠤᠯᠵᠤ᠂ ᠤᠯᠠᠭᠠᠨᠴᠠᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ ᠭᠡᠵᠦ ᠬᠡᠯᠡᠪᠡ᠃     ᠯᠧᠢ ᠺᠦᠨ᠂ ᠯᠢᠦ ᠭᠦᠸᠧ ᠭᠠᠩ᠂ ᠢᠦᠢ ᠬᠠᠢ ᠴᠧᠩ ᠣᠷᠣᠯᠴᠠᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2