ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠠᠩᠬᠠᠳᠠᠭᠴᠢ ᠪᠦᠯᠦᠭ ᠤᠮᠠᠷᠠᠰᠢ ᠪᠤᠴᠠᠬᠤ ᠨᠡᠭᠦᠳᠡᠯ ᠤᠨ ᠰᠢᠪᠠᠭᠤᠳ ᠢᠶᠠᠨ ᠤᠭᠲᠤᠪᠠ
ᠨᠡᠶᠢᠲᠡᠯᠡᠭᠰᠡᠨ ᠴᠠᠭ᠄
2024/3/25
     ᠤᠶᠢᠷ᠎ᠠ ᠶᠢᠨ ᠡᠳᠦᠷ᠂ ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠠᠩᠬᠠᠳᠠᠭᠴᠢ ᠪᠦᠯᠦᠭ ᠤᠮᠠᠷᠠᠰᠢ ᠪᠤᠴᠠᠬᠤ ᠨᠡᠭᠦᠳᠡᠯ ᠤᠨ ᠰᠢᠪᠠᠭᠤᠳ ᠢᠶᠠᠨ ᠤᠭᠲᠤᠨ ᠠᠪᠴᠤ᠂ ᠠᠯ ᠰᠡᠭᠦᠯ᠂ ᠲᠣᠭᠤᠳᠠᠭ ᠪᠠ ᠬᠤᠨ ᠭᠠᠯᠠᠭᠤ ᠵᠡᠷᠭᠡ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠠᠮᠢᠲᠠᠨ ᠤᠳ ᠵᠠᠯᠭᠠᠭ᠎ᠠ ᠪᠠᠷ ᠳᠠᠭ᠎ᠠ ᠶᠢᠨ ᠨᠠᠭᠤᠷ ᠵᠢᠴᠢ ᠡᠷᠬᠢᠨ ᠲᠣᠭᠤᠷᠢᠨ ᠤ ᠴᠢᠭᠢᠭᠯᠢᠭ ᠭᠠᠵᠠᠷ ᠲᠤ ᠬᠦᠷᠴᠦ ᠠᠮᠠᠷᠠᠵᠤ᠂ ᠢᠳᠡᠰᠢ ᠡᠷᠢᠵᠦ ᠪᠠᠶᠢᠯ᠎ᠠ᠃ ᠨᠡᠭᠦᠳᠡᠯ ᠤᠨ ᠰᠢᠪᠠᠭᠤᠳ ᠤᠨ ᠠᠶᠠᠨ ᠤ ᠳᠤᠮᠳᠠᠬᠢ ᠴᠢᠬᠤᠯᠠ ᠥᠷᠲᠡᠭᠡ ᠪᠣᠯᠤᠭᠰᠠᠨ ᠤ ᠬᠤᠪᠢ ᠳᠤ᠂  ᠳᠠᠭ᠎ᠠ ᠶᠢᠨ ᠨᠠᠭᠤᠷ ᠤᠨ ᠰᠠᠶᠢᠨ ᠰᠠᠶᠢᠬᠠᠨ ᠠᠮᠢ ᠠᠬᠤᠢ ᠶᠢᠨ ᠲᠠᠭᠠᠯᠠᠮᠵᠢᠲᠠᠢ ᠣᠷᠴᠢᠨ ᠲᠣᠭᠤᠷᠢᠨ  ᠨᠢ ᠬᠡᠰᠡᠭ ᠨᠡᠭᠦᠳᠡᠯ ᠤᠨ ᠰᠢᠪᠠᠭᠤᠳ ᠢ ᠠᠭᠠᠵᠢᠮ ᠢᠶᠠᠷ ᠦᠯᠡᠳᠡᠭᠡᠨ ᠠᠪᠴᠤ ᠨᠤᠲᠤᠭᠰᠢᠭᠤᠯᠤᠭᠰᠠᠨ ᠪᠠᠶᠢᠨ᠎ᠠ᠃ ᠣᠳᠣᠬᠠᠨ ᠳᠤ᠂ ᠲᠣᠮᠣ ᠬᠤᠨ ᠭᠠᠯᠠᠭᠤ᠂ ᠵᠢᠵᠢᠭ ᠬᠤᠨ ᠭᠠᠯᠠᠭᠤ᠂ ᠤᠯᠠᠭᠠᠨ ᠣᠯᠣᠰᠤ ᠨᠤᠭᠤᠰᠤ ᠵᠡᠷᠭᠡ 300 ᠭᠠᠷᠤᠢ ᠨᠤᠭᠤᠰᠤ ᠶᠢ ᠬᠢᠨᠠᠨ ᠬᠡᠮᠵᠢᠵᠤ᠂ ᠵᠠᠷᠢᠮ ᠨᠢ ᠨᠢᠭᠡᠨᠲᠡ ᠡᠭᠦᠷ ᠪᠠᠷᠢᠵᠤ ᠦᠷᠡᠵᠢᠬᠦ ᠪᠠᠷ ᠪᠡᠯᠡᠳᠬᠡᠵᠦ ᠡᠬᠢᠯᠡᠭᠰᠡᠨ ᠪᠠᠶᠢᠨ᠎ᠠ᠃ ᠡᠭᠦᠨ ᠳᠤ᠂ ᠯᠢᠶᠡᠩᠴᠧᠩ ᠰᠢᠶᠠᠨ ᠤ ᠬᠢᠨ ᠲᠣᠭᠤᠷᠢᠨ ᠬᠠᠮᠠᠭᠠᠯᠠᠯᠲᠠ ᠪᠠᠨ ᠴᠢᠩᠭᠠᠳᠬᠠᠬᠤ ᠶᠢᠨ ᠬᠠᠮᠳᠤ ᠡᠷᠭᠢᠨ ᠲᠣᠭᠤᠷᠢᠨ ᠤ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠬᠠᠭᠤᠳᠠᠰᠤ ᠪᠣᠯᠣᠨ ᠵᠢᠵᠢᠭ ᠪᠡᠯᠡᠭ ᠲᠦᠭᠡᠭᠡᠵᠦ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠬᠠᠢ ᠣᠯᠠᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2